ᠪᠦᠬᠦ ᠣᠷᠣᠨ ᠤ ᠠᠵᠢᠯ ᠣᠯᠭᠤᠯᠲᠠ ᠶᠢᠨ ᠠᠵᠢᠯ ᠵᠢᠴᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠦᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠢ ᠵᠠᠰᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠤᠲᠠᠰᠤᠲᠤ ᠬᠤᠷᠠᠯ ᠬᠤᠷᠠᠯᠳᠤᠪᠠ ᠴᠢ᠊ ᠪᠠᠲᠤ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2024/4/17
    4 ᠳ᠋ᠦ᠋ᠭᠡᠷ ᠰᠠᠷ᠎ᠠ ᠶᠢᠨ 16᠎ ᠤ ᠡᠳᠦᠷ᠂ ᠪᠥᠬᠦ ᠣᠷᠣᠨ ᠤ ᠠᠵᠢᠯ ᠣᠯᠭᠤᠯᠲᠠ ᠶᠢᠨ ᠠᠵᠢᠯ ᠵᠢᠴᠢ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠢ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠲᠤᠰᠬᠠᠢ ᠵᠠᠰᠠᠯᠲᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠤᠲᠠᠰᠤᠲᠤ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃    ᠬᠤᠷᠠᠯ ᠳᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠠᠵᠢᠯ ᠣᠯᠭᠤᠯᠲᠠ ᠶᠢᠨ ᠠᠵᠢᠯ ᠤᠨ ᠪᠠᠶᠢᠷᠢ᠂ ᠠᠵᠢᠯ ᠣᠯᠭᠤᠯᠲᠠ ᠶᠢᠨ ᠬᠡᠷᠡᠭᠴᠡᠭᠡ ᠪᠠ ᠭᠤᠣᠯᠳᠠᠯᠭ᠎ᠠ ᠲᠠᠢ ᠬᠦᠮᠦᠰ ᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠪᠠᠨ ᠤᠯᠠᠮ ᠪᠣᠳᠠᠲᠠᠶᠢᠵᠢᠭᠤᠯᠵᠤ᠂ ᠡᠯ᠎ᠡ ᠲᠠᠯ᠎ᠠ ᠶᠢᠨ ᠬᠢᠨ ᠤ ᠬᠦᠴᠦ ᠶᠢ ᠬᠠᠮᠲᠤᠳᠬᠠᠨ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠤᠯᠠᠨ ᠠᠷᠭ᠎ᠠ ᠵᠠᠮ ᠢᠶᠠᠷ ᠠᠵᠢᠯ ᠣᠯᠭᠤᠯᠲᠠ ᠶᠢᠨ ᠠᠵᠠ ᠲᠣᠬᠢᠶᠠᠯ ᠢ ᠨᠡᠮᠡᠭᠳᠡᠭᠦᠯᠵᠦ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠦᠷ᠎ᠡ ᠠᠰᠢᠭ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠠᠵᠢᠯ ᠣᠯᠭᠤᠯᠲᠠ ᠶᠢᠨ ᠬᠤᠷᠢᠭ᠎ᠠ ᠱᠤᠭᠤᠮ ᠢ ᠪᠠᠲᠤᠯᠠᠬᠤ ᠬᠡᠷᠡᠭᠲᠡᠢ᠃ ᠴᠠᠯᠢᠩ ᠥᠷᠢᠲᠦᠬᠦ ᠶᠢ ᠡᠬᠢ ᠡᠭᠦᠰᠦᠯ ᠠᠴᠠ ᠨᠢ ᠵᠠᠰᠠᠬᠤ ᠲᠠᠯ᠎ᠠ ᠪᠠᠷ ᠬᠦᠷᠦᠯᠴᠡᠬᠦ ᠦᠭᠡᠢ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠲᠠᠯ᠎ᠠ ᠪᠠᠷ ᠬᠦᠷᠦᠯᠴᠡᠬᠦ ᠦᠭᠡᠢ᠂ ᠴᠠᠯᠢᠩ ᠥᠷᠢᠲᠦᠬᠦ ᠶᠢ ᠵᠠᠭᠠᠯᠳᠤᠬᠤ ᠨᠢ ᠴᠦᠬᠡᠷᠡᠬᠦ ᠦᠭᠡᠢ ᠪᠠᠶᠢᠬᠤ᠂ ᠵᠠᠯᠬᠠᠭᠠᠨ ᠰᠢᠢᠳᠬᠡᠬᠦ ᠲᠠᠯ᠎ᠠ ᠪᠠᠷ ᠬᠦᠴᠦᠨ ᠦᠭᠡᠢ ᠪᠠᠶᠢᠬᠤ ᠪᠠ ᠬᠠᠤᠯᠢ ᠬᠡᠷᠡᠭᠵᠢᠭᠦᠯᠬᠦ ᠴᠢᠳᠠᠪᠤᠷᠢ ᠶᠢᠨ ᠪᠠᠶᠢᠭᠤᠯᠤᠯᠲᠠ ᠪᠠᠷ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠵᠦ᠂ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号