ᠦᠰᠦᠭ ᠪᠢᠴᠢᠭ ᠢᠶᠠᠷ ᠦᠬᠦᠯᠡᠬᠦᠢ᠄ ︽ᠥᠪᠥᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠠᠵᠠᠷ ᠲᠤᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠲᠦᠷᠢᠮ︾  ᠤᠨ ᠲᠠᠶᠢᠯᠤᠮᠵᠢ
ᠨᠡᠶᠢᠲᠡᠯᠡᠭᠰᠡᠨ ᠴᠠᠭ᠄
2024/4/17
      2021 ᠤᠨ ᠤ 11 ᠰᠠᠷ᠎ᠠ ᠶᠢᠨ 16 ᠤ ᠡᠳᠦᠷ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ  ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠢᠭᠡᠳᠦᠭᠡᠷ ᠤᠳᠠᠭᠠᠨ ᠤ ᠬᠤᠷᠠᠯ ᠳᠡᠭᠡᠷ᠎ᠡ ︽ᠥᠪᠥᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠭᠠᠵᠠᠷ ᠲᠤᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠲᠦᠷᠢᠮ︾ ᠢ ᠦᠩᠭᠡᠷᠡᠭᠡᠵᠤ᠂ 2022 ᠤᠨ ᠤ1 ᠰᠠᠷ᠎ᠠ ᠶᠢᠨ1 ᠠᠴᠠ ᠡᠬᠢᠯᠡᠨ ᠬᠡᠷᠡᠭᠵᠢᠭᠦᠯᠵᠡᠢ᠃      ᠤᠰᠤᠨ ᠤ ᠡᠬᠢ ᠪᠠᠶᠠᠯᠢᠭ ᠪᠤᠯ ᠠᠵᠤ ᠠᠬᠤᠢ ᠨᠡᠶᠢᠭᠡᠮ ᠤᠨ ᠬᠦᠭᠵᠢᠯᠳᠡ ᠳᠠᠬᠢ ᠰᠠᠭᠤᠷᠢᠯᠠᠬᠤ ᠴᠢᠨᠠᠷᠳᠠᠢ᠂ ᠤᠳᠤᠷᠢᠳᠤᠮᠵᠢ ᠶᠢᠨ ᠴᠢᠨᠠᠷᠲᠠᠢ᠂ ᠡᠵᠡᠮᠰᠢᠯ ᠤᠨ ᠴᠢᠨᠠᠷᠳᠠᠢ ᠡᠯᠧᠮᠧᠨ᠋ᠲ ᠮᠦᠨ᠂ ᠭᠠᠵᠠᠷ ᠲᠤᠤᠷᠠᠬᠢ ᠤᠰᠤ ᠪᠤᠯ ᠤᠰᠤᠨ ᠤ ᠡᠬᠢ ᠪᠠᠶᠠᠯᠢᠭ ᠤᠨ ᠴᠢᠬᠤᠯᠠ ᠪᠦᠷᠢᠯᠳᠦᠭᠦᠨ ᠬᠡᠰᠡᠭ ᠪᠠᠶᠢᠵᠤ᠂ ᠮᠠᠨ ᠤ ᠤᠷᠤᠨ ᠤ ᠬᠤᠳᠠ ᠬᠦᠳᠡᠭᠡ  ᠶᠢᠨ ᠤᠰᠤᠨ ᠬᠠᠩᠭᠠᠯᠳᠠ ᠶᠢᠨ ᠠᠮᠤᠷ ᠲᠦᠪᠰᠢᠨ᠂ ᠠᠵᠤ ᠠᠬᠤᠢ ᠶᠢᠨ ᠠᠮᠤᠷ ᠲᠦᠪᠰᠢᠨ᠂ ᠠᠮᠢ ᠠᠬᠤᠢ ᠶᠢᠨ ᠠᠮᠦᠷ ᠲᠦᠪᠰᠢᠨ ᠵᠡᠷᠭᠡ ᠶᠢ ᠪᠠᠲᠤᠯᠠᠬᠤ ᠳᠤ ᠪᠠᠶᠢᠯᠳᠦᠬᠤ ᠪᠤᠳᠤᠯᠭ᠎ᠠ ᠶᠢᠨ ᠴᠢᠨᠠᠷᠲᠠᠢ ᠦᠢᠯᠡᠳᠦᠯ ᠢ ᠦᠵᠡᠭᠦᠯᠳᠡᠭ᠃ ᠠᠵᠤ ᠠᠬᠤᠢ ᠶᠢᠨ ᠲᠦᠷᠭᠡᠨ ᠬᠦᠭᠵᠢᠯᠳᠠ ᠶᠢ ᠲᠠᠭᠠᠯᠳᠤᠨ᠂ ᠮᠠᠨ ᠤ ᠤᠷᠤᠨ ᠤ ᠭᠠᠵᠠᠷ ᠲᠤᠤᠷᠠᠬᠢ ᠤᠰᠤᠨ ᠤ ᠬᠠᠮᠠᠭᠠᠯᠠᠯᠠᠳᠡ ᠪᠠ ᠬᠠᠮᠢᠶᠠᠷᠤᠯᠳᠠ ᠲᠤᠮᠳᠠᠬᠢ ᠭᠦᠨ ᠲᠠᠪᠬᠤᠷᠭ᠎ᠠ ᠶᠢᠨ ᠠᠰᠠᠭᠤᠳᠠᠯ ᠨᠢ ᠤᠯᠠᠮ ᠢᠶᠠᠷ ᠢᠯᠡᠳᠳᠠ ᠪᠤᠯᠵᠤ᠂  ︽ᠤᠰᠤ ᠪᠠᠷ ᠬᠤᠳᠠ ᠲᠤᠭᠳᠠᠭᠠᠬᠤ᠂ ᠤᠰᠤ ᠪᠠᠷ ᠭᠠᠵᠠᠷ ᠲᠤᠭᠳᠠᠭᠠᠬᠤ᠂ ᠤᠰᠤ ᠪᠠᠷ ᠬᠦᠮᠦᠨ ᠲᠤᠭᠳᠠᠭᠠᠬᠤ᠂ ᠤᠰᠤ ᠪᠠᠷ ᠦᠢᠯᠠᠳᠪᠦᠷᠢᠯᠠᠯ ᠲᠤᠭᠳᠠᠭᠠᠬᠤ︾ ᠴᠢᠩᠭ᠎ᠠ ᠬᠢᠵᠠᠭᠠᠷᠯᠠᠯ ᠤᠨ ᠱᠭᠠᠷᠳᠠᠯᠠᠭ᠎ᠠ ᠳᠤ ᠵᠤᠬᠢᠴᠠᠬᠤ ᠪᠠᠨ ᠪᠠᠶᠢᠵᠠᠢ᠃ ᠭᠠᠵᠠᠷ ᠲᠤᠤᠷᠠᠬᠢ ᠤᠰᠤᠨ ᠤ ᠬᠠᠮᠠᠭᠠᠯᠠᠯᠳᠠ ᠪᠠ ᠬᠠᠮᠢᠶᠠᠷᠦᠯᠳᠠ ᠳᠠᠬᠢ ᠪᠤᠳᠠᠳᠤ ᠠᠰᠠᠭᠤᠳᠠᠯ ᠢ ᠰᠢᠢᠳᠪᠦᠷᠢᠯᠡᠬᠦ ᠶᠢᠨ ᠲᠦᠯᠦᠭᠡ᠂ ᠬᠠᠦᠯᠢ ᠶᠤᠰᠤᠭᠠᠷ ᠤᠰᠤ ᠵᠠᠰᠠᠵᠤ ᠤᠰᠤ ᠬᠠᠮᠢᠶᠠᠷᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠦ᠂ ᠭᠠᠵᠠᠷ ᠲᠤᠤᠷᠠᠬᠢ ᠤᠰᠤ ᠶᠢ ᠬᠠᠮᠠᠭᠠᠨᠯᠠᠨ ᠬᠠᠮᠢᠶᠠᠷᠬᠤ ᠲᠠᠯ᠎ᠠ ᠪᠠᠷ ᠬᠢ ᠬᠠᠦᠯᠢ ᠲᠤᠭᠳᠠᠭᠠᠯ ᠢ ᠲᠤᠭᠳᠠᠭᠠᠬᠤ ᠨᠢ ᠪᠠᠴᠢᠮ ᠱᠠᠭᠠᠷᠳᠠᠭᠳᠠᠵᠤ᠂ ᠪᠦᠬᠦ ᠤᠷᠤᠨ ᠤ ᠭᠠᠵᠠᠷ ᠲᠤᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠠᠬᠤ ᠡᠯ᠎ᠡ ᠲᠠᠯ᠎ᠠ ᠶᠢᠨ ᠤᠴᠢᠷ ᠶᠠᠪᠤᠳᠠᠯ ᠢ ᠪᠦᠬᠦ ᠲᠠᠯ᠎ᠠ ᠶᠢᠨ ᠴᠢᠨᠠᠷᠳᠠᠢ᠂ ᠪᠠᠶᠢᠯᠳᠦᠬᠤ ᠪᠤᠳᠤᠯᠭ᠎ᠠ ᠶᠢᠨ ᠴᠢᠨᠠᠷᠳᠠᠢ ᠪᠠᠷ ᠳᠡᠭᠡᠳᠦ ᠬᠡᠮᠵᠢᠶ᠎ᠡ ᠪᠠᠷ ᠨᠢᠭᠡᠳᠦᠭᠦᠯᠦᠨ ᠲᠦᠯᠦᠪᠯᠡᠬᠦ ᠶᠢᠨ ᠬᠠᠮᠳᠤ ᠲᠦᠷᠢᠮᠵᠢᠭᠦᠯᠬᠦ ᠴᠢᠬᠤᠯᠳᠠᠢ ᠪᠤᠯᠵᠠᠢ᠃      ᠵᠤᠷᠢᠯᠭ᠎ᠠ       ᠭᠠᠵᠠᠷ ᠲᠤᠤᠷᠠᠬᠢ ᠤᠰᠤᠨ ᠤ ᠬᠠᠮᠠᠭᠠᠯᠠᠯᠳᠠ ᠪᠠ ᠬᠠᠮᠢᠶᠠᠷᠦᠯᠳᠠ ᠶᠢ ᠴᠢᠩᠭᠠᠳᠬᠠᠵᠤ᠂ ᠭᠠᠵᠠᠷ ᠲᠤᠤᠷᠠᠬᠢ ᠤᠰᠤ ᠶᠢ ᠦᠷᠭᠦᠯᠵᠢᠯᠡᠨ ᠠᠰᠢᠭᠯᠠᠬᠤ ᠶᠢ ᠪᠠᠳᠤᠯᠡᠨ᠂ ᠠᠮᠢ ᠠᠬᠤᠢ ᠶᠢᠨ ᠪᠤᠯᠪᠠᠰᠤᠨ ᠤ ᠪᠦᠳᠦᠭᠡᠨ ᠪᠠᠶᠢᠭᠤᠯᠤᠯᠳᠠ  ᠶᠢ ᠲᠦᠯᠬᠢᠨ ᠠᠬᠢᠭᠤᠯᠬᠤ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠰᠤᠨ ᠤ ᠬᠠᠤᠯᠢ︾᠂ ᠲᠦᠷᠦ ᠶᠢᠨ ᠶᠠᠪᠤᠳᠠᠯ ᠤᠨ ᠬᠤᠷᠢᠶᠠᠨ ᠤ ︽ᠭᠠᠵᠠᠷ ᠲᠤᠤᠷᠠᠬᠢ ᠤᠰᠤ ᠶᠢ ᠬᠠᠮᠢᠶᠠᠷᠬᠤ ᠲᠦᠷᠢᠮ︾ ᠵᠡᠷᠭᠡ ᠤᠯᠤᠰ ᠤᠨ ᠬᠠᠮᠢᠶ᠎ᠠ ᠪᠦᠬᠦᠢ ᠬᠠᠦᠯᠢ ᠲᠤᠭᠳᠠᠭᠠᠯ ᠢ ᠦᠨᠳᠤᠰᠦᠯᠡᠨ᠂ ᠦᠪᠡᠷᠳᠡᠭᠡᠨ ᠵᠠᠰᠠᠬᠤ ᠤᠷᠤᠨ ᠤ ᠪᠤᠳᠠᠲᠠᠢ ᠲᠠᠢ ᠤᠶᠠᠯᠳᠤᠭᠤᠯᠦᠨ᠂ ᠲᠤᠰ ᠲᠦᠷᠢᠮ ᠢ ᠲᠤᠭᠳᠠᠭᠠᠵᠠᠢ᠃      ᠬᠦᠷᠢᠶ᠎ᠡ ᠬᠡᠪᠴᠢᠶ᠎ᠡ       ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠬᠡᠪᠴᠢᠶᠡᠨ ᠳᠤ ᠭᠠᠵᠠᠷ ᠲᠤᠤᠷᠠᠬᠢ ᠤᠰᠤᠨ ᠤ ᠬᠠᠮᠠᠭᠠᠯᠠᠯᠳᠠ᠂ ᠠᠰᠢᠭᠯᠠᠯᠳᠡ᠂ ᠬᠠᠮᠢᠶᠠᠷᠤᠯᠳᠠ ᠪᠠ ᠪᠤᠰᠤᠳ ᠬᠠᠮᠢᠶ᠎ᠠ ᠪᠦᠬᠦᠢ ᠠᠵᠢᠯ ᠢ ᠶᠠᠪᠤᠭᠳᠠᠭᠤᠯᠬᠤ ᠳᠤ ᠲᠤᠰ ᠲᠦᠷᠢᠮ ᠢ ᠬᠡᠷᠡᠭᠯᠡᠨ᠎ᠡ᠃ ᠳᠤᠰ ᠲᠦᠷᠢᠮ ᠳᠠᠬᠢ ᠭᠠᠵᠠᠷ ᠲᠤᠤᠷᠠᠬᠢ ᠤᠰᠤ ᠭᠡᠳᠡᠭ ᠨᠢ ᠭᠠᠵᠠᠷ ᠤᠨ ᠭᠠᠳᠠᠷᠭᠤ ᠲᠤᠤᠷ᠎ᠠ ᠤᠷᠦᠰᠢᠵᠦ ᠪᠠᠶᠢᠭ᠎ᠠ ᠤᠰᠤᠨ ᠪᠡᠶᠡᠳᠦ ᠶᠢ ᠵᠢᠭᠠᠨ᠎ᠠ᠂ ᠭᠠᠵᠠᠷ ᠤᠨ ᠬᠠᠯᠠᠭᠤᠨ ᠤᠰᠤ᠂ ᠪᠤᠯᠠᠭ ‍ᠤᠨ‌ᠤᠰᠤ ᠶᠢ ᠪᠠᠭᠳᠠᠭᠠᠨ᠎ᠠ᠃      ᠵᠠᠷᠴᠢᠮ       ᠭᠠᠵᠠᠷ ᠲᠤᠤᠷᠠᠬᠢ ᠤᠰᠤᠨ ᠤ ᠬᠠᠮᠠᠭᠠᠯᠠᠯᠠᠳᠡ ᠪᠠ ᠬᠠᠮᠢᠶᠠᠷᠤᠯᠳᠠ ᠨᠢ ᠤᠰᠤ ᠪᠠᠷ ᠬᠤᠳᠠ ᠲᠤᠭᠳᠠᠭᠠᠬᠤ᠂ ᠤᠰᠤ ᠪᠠᠷ ᠭᠠᠵᠠᠷ ᠲᠤᠭᠳᠠᠭᠠᠬᠤ᠂ ᠤᠰᠤ ᠪᠠᠷ ᠬᠦᠮᠦᠨ ᠲᠤᠭᠳᠠᠭᠠᠬᠤ᠂ ᠤᠰᠤ ᠪᠠᠷ ᠦᠢᠯᠠᠳᠪᠦᠷᠢᠯᠠᠯ ᠲᠤᠭᠳᠠᠭᠠᠬᠤ  ᠶᠢ ᠪᠠᠷᠢᠮᠲᠠᠯᠠᠵᠤ᠂ ᠨᠢᠭᠡᠳᠦᠯᠳᠡᠢ ᠲᠦᠯᠦᠪᠯᠡᠬᠦ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠦᠨᠳᠦᠷ ᠪᠦᠲᠦᠮᠵᠢᠲᠡᠢ ᠪᠠᠷ ᠠᠰᠢᠭᠯᠠᠬᠤ᠂ ᠰᠢᠰᠲ᠋ᠧᠮᠴᠢᠯᠡᠨ ᠵᠠᠰᠠᠬᠤ ᠵᠠᠷᠴᠢᠮ ᠢ ᠵᠢᠷᠦᠮᠯᠠᠨ᠎ᠠ᠃      ︽ᠲᠦᠷᠢᠮ︾ ᠨᠢ ᠭᠠᠵᠠᠷ ᠲᠤᠤᠷᠠᠬᠢ ᠤᠰᠤᠨ ᠤ ᠬᠠᠮᠠᠭᠠᠨᠯᠠᠨ ᠬᠠᠮᠢᠶᠠᠷᠬᠤ ᠡᠷᠭᠡ ᠮᠡᠳᠠᠯ ᠢ ᠬᠡᠷᠬᠢᠨ ᠲᠤᠭᠳᠠᠭᠠᠭᠰᠠᠨ ᠪᠤᠢ︖      1. ᠡᠯ᠎ᠡ ᠱᠠᠳᠤᠨ ᠤ ᠵᠠᠰᠠᠭ ᠤᠨ ᠤᠷᠳᠤᠨ᠄ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠪᠦᠬᠦ ᠤᠷᠤᠨ ᠤ ᠭᠠᠵᠠᠷ ᠲᠤᠤᠷᠠᠬᠢ ᠤᠰᠤᠨ ᠤ ᠬᠠᠮᠠᠭᠠᠯᠠᠯᠠᠳᠡ ᠪᠠ ᠬᠠᠮᠢᠶᠠᠷᠤᠯᠳᠠ ᠶᠢᠨ ᠠᠵᠢᠯ ᠢ ᠨᠢᠭᠡᠳᠦᠯᠳᠡᠢ ᠬᠠᠮᠢᠶᠠᠷᠦᠨ᠎ᠠ᠃ ᠠᠶᠢᠮᠠᠭ ᠤᠨ ᠵᠠᠰᠠᠭ ᠵᠠᠬᠢᠷᠭᠠᠨ ᠤ ᠭᠠᠵᠠᠷ ᠪᠠ ᠲᠤᠭᠤᠷᠢᠭ ᠪᠠᠶᠢᠭᠤᠯᠤᠭᠰᠠᠨ ᠬᠤᠲᠠᠨ  ᠤ ᠠᠷᠠᠳ ᠤᠨ ᠵᠠᠰᠠᠭ ᠤᠨ ᠤᠷᠳᠤᠨ ᠲᠤᠰ ᠵᠠᠰᠠᠭ ᠵᠠᠬᠢᠷᠭᠠᠨ ᠤ ᠬᠡᠪᠴᠢᠶᠡᠨ ᠳᠠᠬᠢ ᠭᠠᠵᠠᠷ ᠲᠤᠤᠷᠠᠬᠢ ᠤᠰᠤᠨ ᠤ ᠬᠠᠮᠠᠭᠠᠯᠠᠯᠠᠳᠡ ᠪᠠ ᠬᠠᠮᠢᠶᠠᠷᠤᠯᠳᠠ ᠶᠢᠨ ᠠᠵᠢᠯ ᠶᠢ ᠵᠢᠯᠤᠭᠤᠳᠤᠨ ᠬᠢᠨᠠᠨ᠎ᠠ᠃ ᠬᠤᠰᠢᠭᠤ ᠤ ᠠᠷᠠᠳ ᠤᠨ ᠵᠠᠰᠠᠭ ᠤᠨ ᠤᠷᠳᠤᠨ ᠲᠤᠰ ᠵᠠᠰᠠᠭ ᠵᠠᠬᠢᠷᠭᠠᠨ ᠤ ᠬᠡᠪᠴᠢᠶᠡᠨ ᠳᠠᠬᠢ ᠭᠠᠵᠠᠷ ᠲᠤᠤᠷᠠᠬᠢ ᠤᠰᠤᠨ ᠤ ᠬᠠᠮᠠᠭᠠᠯᠠᠯᠠᠳᠡ ᠪᠠ ᠬᠠᠮᠢᠶᠠᠷᠤᠯᠳᠠ ᠶᠢᠨ ᠠᠵᠢᠯ ᠢ ᠪᠤᠳᠠᠳᠠᠢ ᠬᠠᠷᠢᠭᠤᠴᠠᠨ᠎ᠠ᠃      2. ᠤᠰᠤᠨ ᠤ ᠶᠠᠪᠤᠳᠠᠯ ᠢ ᠭᠤᠤᠯ ᠬᠠᠮᠢᠶᠠᠷᠬᠤ ᠪᠠᠶᠢᠭᠤᠯᠭ᠎ᠠ᠄ ᠬᠤᠰᠢᠭᠤ  ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠤᠰᠤᠨ ᠤ ᠶᠠᠪᠤᠳᠠᠯ ᠢ ᠭᠤᠤᠯ ᠬᠠᠮᠢᠶᠠᠷᠬᠤ ᠪᠠᠶᠢᠭᠤᠯᠭ᠎ᠠ ᠬᠠᠮᠢᠶᠠᠷᠤᠯᠳᠠ ᠶᠢᠨ ᠡᠷᠭᠡ ᠮᠡᠳᠡᠯ  ᠤᠨ ᠬᠡᠪᠴᠢᠶ᠎ᠡ ᠪᠠᠷ ᠲᠤᠰ ᠵᠠᠰᠠᠭ ᠵᠠᠬᠢᠷᠭᠠᠨ ᠤ ᠬᠡᠪᠴᠢᠶᠡᠨ ᠳᠠᠬᠢ ᠭᠠᠵᠠᠷ ᠲᠤᠤᠷᠠᠬᠢ ᠤᠰᠤ ᠶᠢ ᠨᠢᠭᠡᠳᠦᠯᠳᠡᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃      3. ᠠᠮᠢ ᠠᠬᠤᠢ ᠤᠷᠴᠢᠨ ᠲᠤᠭᠤᠷᠢᠨ ᠤ ᠪᠠᠶᠢᠭᠤᠯᠭ᠎ᠠ᠄ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ᠂ ᠠᠶᠢᠮᠠᠭ ᠤᠨ ᠵᠠᠰᠠᠭ ᠵᠠᠬᠢᠷᠭᠠᠨ ᠤ ᠭᠠᠵᠠᠷ ᠪᠠ ᠲᠤᠭᠤᠷᠢᠭ ᠪᠠᠶᠢᠭᠤᠯᠤᠭᠰᠠᠨ ᠬᠤᠲᠠᠨ ᠶᠢᠨ ᠠᠷᠠᠳ ᠤᠨ ᠵᠠᠰᠠᠭ ᠤᠨ ᠤᠷᠳᠤᠨ ᠤ ᠠᠮᠢ ᠠᠬᠤᠢ ᠤᠷᠴᠢᠨ ᠲᠤᠭᠤᠷᠢᠨ ᠢ ᠭᠤᠤᠯ ᠬᠠᠮᠢᠶᠠᠷᠬᠤ ᠪᠠᠶᠢᠭᠤᠯᠭ᠎ᠠ ᠨᠢ ᠲᠤᠰ ᠵᠠᠰᠠᠭ ᠵᠠᠬᠢᠷᠭᠠᠨ ᠤ ᠬᠡᠪᠴᠢᠶᠡᠨ ᠳᠠᠬᠢ ᠭᠠᠵᠠᠷ ᠲᠤᠤᠷᠠᠬᠢ ᠤᠰᠤᠨ ᠤ ᠪᠤᠬᠢᠷᠳᠤᠯ ᠢ ᠰᠡᠷᠭᠡᠶᠢᠯᠡᠭᠦ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃      4. ᠪᠤᠰᠤᠳ ᠪᠠᠶᠢᠭᠤᠯᠭ᠎ᠠ᠄ ᠬᠦᠭᠵᠢᠯᠳᠡ ᠪᠠ ᠦᠭᠡᠷᠡᠴᠢᠯᠡᠯᠳᠡ᠂ ᠪᠠᠶᠢᠭᠠᠯᠢ ᠶᠢᠨ ᠡᠬᠢ ᠪᠠᠶᠠᠯᠢᠭ᠂ ᠲᠡᠷᠢᠶᠠᠯᠠᠩ ᠮᠠᠯᠵᠢᠯ᠂ ᠤᠢ ᠰᠢᠭᠤᠢ ᠪᠠ ᠲᠠᠯ᠎ᠠ ᠨᠤᠲᠤᠭ᠂ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠳᠦᠭᠡᠨ ᠪᠠᠶᠢᠭᠤᠯᠤᠯᠳᠠ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠳᠠ ᠵᠡᠷᠭᠡ ᠬᠠᠮᠢᠶ᠎ᠠ ᠪᠦᠬᠦᠢ ᠪᠠᠶᠢᠭᠤᠯᠭ᠎ᠠ ᠲᠤᠰᠢᠶᠠᠯ ᠬᠠᠷᠢᠭᠤᠴᠠᠯᠭ᠎ᠠ ᠶᠢᠨ ᠬᠤᠪᠢᠶᠠᠷᠢ ᠪᠠᠷ ᠢᠶᠠᠨ ᠲᠤᠰ ᠵᠠᠰᠠᠭ ᠵᠠᠬᠢᠷᠭᠠᠨ ᠤ ᠬᠡᠪᠴᠢᠶᠡᠨ ᠳᠠᠬᠢ ᠭᠠᠵᠠᠷ ᠲᠤᠤᠷᠠᠬᠢ ᠤᠰᠤᠨ‌‍ᠤ ᠬᠠᠮᠠᠭᠠᠯᠠᠯᠠᠳᠡ ᠪᠠ ᠬᠠᠮᠢᠶᠠᠷᠤᠯᠳᠠ ᠶᠢᠨ ᠬᠠᠮᠢᠶ᠎ᠠ ᠪᠦᠬᠦᠢ ᠠᠵᠢᠯ ᠢ ᠬᠠᠷᠢᠭᠤᠴᠠᠨ᠎ᠠ᠃      ︽ᠲᠦᠷᠢᠮ︾ ᠨᠢ ᠲᠠᠷᠢᠶᠠᠯᠠᠩ ᠤᠨ ᠭᠠᠵᠠᠷ ᠲᠤᠤᠷᠠᠬᠢ ᠤᠰᠤᠨ ᠤ ᠬᠡᠷᠡᠭᠯᠡᠯᠳᠡ ᠶᠢ ᠬᠡᠷᠬᠢᠨ ᠲᠤᠭᠳᠠᠭᠠᠭᠰᠠᠨ ᠪᠤᠢ︖      1.ᠭᠠᠵᠠᠷ ᠳᠤᠤᠷᠠᠬᠢ ᠤᠰᠤ ᠶᠢ ᠬᠡᠷᠡᠭᠯᠡᠨ ᠲᠠᠷᠢᠶᠠᠯᠠᠩ ᠤᠰᠤᠯᠠᠬᠤ ᠶᠢ ᠴᠢᠩᠭ᠎ᠠ ᠪᠠᠷ ᠬᠠᠮᠢᠶᠠᠷᠣᠨ᠎ᠠ᠃       2.ᠳᠤᠰᠤᠵᠢᠭᠤᠯᠣᠨ ᠤᠰᠤᠯᠠᠬᠤ᠂ ᠰᠦᠷᠴᠢᠨ ᠤᠰᠤᠯᠠᠬᠤ ᠵᠡᠷᠭᠡ ᠦᠨᠳᠦᠷ ᠪᠦᠳᠦᠮᠵᠢᠲᠤ ᠤᠰᠤ ᠠᠷᠪᠢᠯᠠᠬᠤ ᠮᠡᠷᠭᠡᠵᠢᠯ ᠢ ᠬᠡᠷᠡᠭᠯᠡᠪᠡᠯ ᠵᠤᠬᠢᠨ᠎ᠠ᠃      3.ᠲᠠᠷᠢᠶᠠᠯᠠᠩ ᠮᠠᠯᠵᠢᠯ ᠤᠨ ᠦᠢᠯᠡᠰ ᠭᠠᠵᠠᠷ ᠲᠤᠤᠷᠠᠬᠢ ᠤᠰᠤ ᠶᠢ      ᠬᠡᠷᠡᠭᠯᠡᠬᠦ ᠳᠤ᠂ ᠤᠰᠤ ᠬᠡᠷᠡᠭᠯᠡᠬᠦ ᠡᠲᠡᠭᠡᠳ ᠬᠠᠦᠯᠢ ᠶᠤᠰᠤᠭᠠᠷ ᠤᠰᠤ ᠠᠪᠬᠤ ᠵᠦᠪᠰᠢᠶᠡᠷᠡᠯ ᠤᠨ ᠦᠨᠡᠮᠡᠯ ᠢ ᠭᠤᠶᠤᠴᠢᠯᠠᠨ ᠠᠪᠤᠨ᠎ᠠ᠃      4.ᠭᠠᠵᠠᠷ ᠲᠤᠤᠷᠠᠬᠢ ᠤᠰᠤ ᠶᠢ ᠬᠠᠮᠠᠭᠠᠯᠠᠬᠤ ᠪᠠ ᠬᠠᠮᠢᠶᠠᠷᠬᠤ ᠲᠦᠷᠪᠡᠨ      ᠳᠡᠰ ᠤᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠠᠵᠢᠯ ᠤᠨ ᠬᠠᠷᠢᠭᠤᠴᠠᠯᠭ᠎ᠠ ᠵᠢ‌ᠨᠢ ᠲᠤᠳᠤᠷᠬᠠᠶᠢᠯᠠᠨ᠎ᠠ᠃ ᠵᠠᠬᠢᠷᠭᠠᠨ ᠤ ᠬᠠᠷᠢᠶᠠᠨ ᠳᠠᠬᠢ ᠲᠠᠷᠢᠶᠠᠯᠠᠩ ᠤᠨ ᠴᠠᠬᠢᠯᠭᠠᠨ ᠬᠤᠳᠳᠤᠭ ᠢ ᠲᠤᠤᠷᠵᠢᠭᠤᠯᠤᠨ ᠬᠠᠮᠢᠶᠠᠷᠤᠨ᠎ᠠ᠃      5.ᠲᠠᠷᠢᠶᠠᠯᠠᠩ ᠮᠠᠯᠵᠢᠯ ᠤᠨ ᠦᠢᠯᠡᠰ ᠭᠠᠵᠠᠷ ᠲᠤᠤᠷᠠᠬᠢ ᠤᠰᠤ ᠶᠢ ᠬᠡᠷᠡᠭᠯᠡᠬᠦ ᠳᠤ ᠲᠡᠮᠳᠡᠭᠯᠡᠨ ᠬᠡᠮᠵᠢᠬᠦ ᠨᠦᠭᠦᠴᠡᠯ ᠪᠦᠷᠢᠯᠳᠦᠭᠰᠡᠨ ᠦᠭᠡᠢ ᠪᠤᠯ᠂ ᠴᠠᠬᠢᠯᠭᠠᠨ ᠬᠡᠷᠡᠭᠯᠡᠭᠰᠡᠨ ᠬᠡᠮᠵᠢᠶ᠎ᠡ ᠪᠠᠷ ᠤᠰᠤ ᠶᠢ ᠨᠤᠭᠤᠯᠤᠨ ᠪᠤᠳᠤᠬᠤ᠂ ᠴᠠᠬᠢᠯᠭᠠᠨ ᠬᠡᠷᠡᠭᠯᠡᠬᠦ ᠪᠠᠷ ᠤᠰᠤ ᠬᠡᠷᠡᠭᠯᠡᠬᠦ ᠶᠢ ᠡᠵᠡᠮᠳᠡᠬᠦ ᠠᠷᠭ᠎ᠠ ᠪᠠᠷ ᠤᠰᠤᠨ ᠤ ᠬᠡᠷᠡᠭᠯᠡᠯᠳᠡ ᠶᠢ ᠬᠠᠮᠢᠶᠠᠷᠦᠨ᠎ᠠ᠃ ᠬᠢᠨᠠᠨ ᠵᠦᠪᠰᠢᠶᠡᠷᠡᠬᠦ ᠪᠠᠶᠢᠭᠤᠯᠭ᠎ᠠ ᠤᠰᠤ ᠠᠪᠬᠤ ᠭᠤᠶᠤᠴᠢᠯᠠᠯᠳᠠ ᠶᠢ ᠵᠦᠪᠰᠢᠶᠡᠷᠡᠭᠰᠡᠨ ᠦᠭᠡᠢ ᠪᠤᠯ᠂ ᠴᠠᠬᠢᠯᠭᠠᠨ ᠬᠠᠩᠭᠠᠬᠤ ᠪᠠᠶᠢᠭᠤᠯᠭ᠎ᠠ ᠴᠠᠬᠢᠯᠭᠠᠨ ᠬᠠᠩᠭᠠᠵᠤ ᠪᠤᠯᠬᠤ ᠦᠭᠡᠢ᠃      ︽ᠲᠦᠷᠢᠮ︾ ᠨᠢ ᠠᠵᠤ ᠦᠢᠯᠡᠰ᠂ ᠦᠢᠯᠡᠴᠢᠯᠡᠭᠡᠨ ᠤ ᠦᠢᠯᠡᠰ ᠤᠨ ᠭᠠᠵᠠᠷ ᠲᠤᠤᠷᠠᠬᠢ ᠤᠰᠤᠨ ᠤ ᠬᠡᠷᠡᠭᠯᠡᠯᠳᠡ ᠶᠢ ᠬᠡᠷᠬᠢᠨ ᠲᠤᠭᠳᠠᠭᠠᠭᠰᠠᠨ ᠪᠤᠢ︖      1. ᠰᠢᠨ᠎ᠡ ᠪᠠᠶᠢᠭᠤᠯᠬᠤ᠂ ᠦᠭᠡᠷᠡᠴᠢᠯᠡᠨ ᠪᠠᠶᠢᠭᠤᠯᠬᠤ᠂ ᠦᠷᠭᠡᠳᠭᠡᠨ ᠪᠠᠶᠢᠭᠤᠯᠬᠤ ᠠᠵᠤ ᠦᠢᠯᠡᠰ᠂ ᠦᠢᠯᠡᠴᠢᠯᠡᠭᠡᠨ ᠤ ᠦᠢᠯᠡᠰ ᠤᠨ ᠲᠦᠷᠦᠯ ᠵᠦᠢᠯ ᠤᠨ ᠤᠰᠤ ᠬᠡᠷᠡᠭᠯᠡᠬᠦ ᠬᠢᠷᠢ ᠬᠡᠮᠵᠢᠶ᠎ᠡ ᠨᠢ ᠤᠯᠤᠰ ᠤᠨ ᠪᠤᠶᠤ ᠦᠪᠡᠷᠳᠡᠭᠡᠨ ᠵᠠᠰᠠᠬᠤ ᠤᠷᠤᠨ ᠤ ᠠᠵᠢᠯ ᠲᠦᠷᠦᠯ ᠤᠨ ᠤᠰᠤ ᠬᠡᠷᠡᠭᠯᠡᠬᠦ ᠲᠤᠭᠳᠠᠭᠰᠠᠨ ᠬᠡᠮᠵᠢᠶᠠᠨ ᠤ ᠲᠡᠷᠢᠭᠦᠨ ᠤ ᠬᠡᠮᠵᠢᠭᠳᠡᠯ ᠠᠴᠠ ᠲᠤᠤᠷ᠎ᠠ ᠪᠠᠶᠢᠵᠤ ᠪᠤᠯᠬᠤ ᠦᠭᠡᠢ᠃ ᠲᠡᠷᠢᠭᠦᠨ ᠤ ᠬᠡᠮᠵᠢᠭᠳᠡᠯ ᠲᠤᠭᠲᠠᠭ᠎ᠠ ᠦᠭᠡᠢ ᠪᠤᠯ᠂ ᠤᠰᠤ ᠬᠡᠷᠡᠭᠯᠡᠬᠦ ᠨᠡᠶᠢᠳᠡᠮᠴᠢᠯᠡᠭᠰᠡᠨ ᠬᠡᠮᠵᠢᠶᠠᠨ ᠠᠴᠠ ᠲᠣᠣᠷ᠎ᠠ ᠪᠠᠶᠢᠵᠤ ᠪᠤᠯᠬᠤ ᠦᠭᠡᠢ᠃ ᠤᠰᠤ ᠬᠡᠷᠡᠭᠯᠡᠬᠦ ᠬᠢᠷᠢ ᠬᠡᠮᠵᠢᠶ᠎ᠡ  ᠨᠢ ᠤᠰᠤ ᠬᠡᠷᠡᠭᠯᠡᠬᠦ ᠨᠡᠶᠢᠳᠡᠮᠴᠢᠯᠡᠭᠰᠡᠨ ᠬᠡᠮᠵᠢᠶᠠᠨ ᠠᠴᠠ ᠲᠣᠣᠷ᠎ᠠ ᠠᠵᠤ ᠦᠢᠯᠡᠰ᠂ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠨᠢ ᠬᠢᠵᠠᠭᠠᠷᠳᠠᠢ ᠬᠤᠭᠤᠴᠠᠭᠠᠨ ᠳᠤᠳᠤᠷ᠎ᠠ ᠤᠰᠤ ᠠᠷᠪᠢᠯᠠᠬᠤ ᠦᠭᠡᠷᠡᠴᠢᠯᠡᠯᠡᠳᠡ ᠶᠢ ᠬᠡᠷᠡᠭᠵᠢᠭᠦᠯᠪᠡᠯ ᠵᠤᠬᠢᠨ᠎ᠠ᠃      2. ᠬᠤᠳᠠ ᠶᠢᠨ ᠨᠤᠭᠤᠷᠠᠭᠤᠯᠳᠠ ᠨᠢ ᠬᠠᠮᠤᠭ ᠤᠨ ᠲᠡᠷᠢᠭᠦᠨ ᠳᠤ ᠳᠠᠬᠢᠨ ᠡᠭᠦᠰᠦᠭᠰᠡᠨ ᠤᠰᠤ ᠶᠢ ᠬᠡᠷᠡᠭᠯᠡᠨ᠎ᠡ᠃ ᠭᠠᠵᠠᠷ ᠲᠤᠤᠷᠠᠬᠢ ᠤᠰᠤ ᠶᠢ ᠬᠡᠷᠡᠭᠯᠡᠨ ᠬᠤᠳᠠ ᠶᠢᠨ ᠤᠰᠤᠨ ᠦᠵᠡᠮᠵᠢ᠂ ᠤᠰᠤᠨ ᠳᠡᠭᠡᠷᠡᠬᠢ ᠵᠤᠭ᠎ᠠ ᠴᠡᠩᠭᠡᠯ ᠤᠨ ᠲᠦᠷᠦᠯ ᠵᠦᠢᠯ ᠪᠠ ᠬᠦᠮᠦᠨ ᠤ ᠬᠦᠴᠦ ᠪᠠᠷ ᠴᠠᠰᠤ ᠵᠣᠬᠢᠶᠠᠬᠤ ᠶᠢ ᠡᠷᠡᠰ ᠬᠤᠷᠢᠭᠯᠠᠨ᠎ᠠ᠃      3. ᠤᠰᠤ ᠶᠡᠬᠡᠪᠡᠷ ᠬᠡᠷᠡᠭᠰᠡᠭᠦ ᠲᠦᠷᠦᠯ ᠵᠦᠢᠯ ᠨᠢ ᠭᠠᠵᠠᠷ ᠲᠤᠤᠷᠠᠬᠢ ᠤᠰᠤ ᠶᠢ ᠬᠡᠷᠡᠭᠯᠡᠬᠦ ᠶᠢ ᠬᠤᠷᠢᠭᠯᠠᠨ᠎ᠠ᠃      4. ᠤᠰᠤᠨ ᠤ ᠴᠢᠨᠠᠷ ᠲᠤ ᠤᠨᠴᠠᠭᠠᠢ ᠱᠠᠭᠠᠷᠳᠠᠯᠭ᠎ᠠ ᠲᠠᠢ ᠢᠳᠡᠭᠡᠨ ᠤᠮᠳᠠᠭᠠᠨ᠂ ᠡᠮ ᠡᠮᠨᠡᠯᠭᠡ ᠵᠡᠷᠭᠡ ᠠᠵᠤ ᠦᠢᠯᠡᠰ ᠤᠨ ᠲᠦᠷᠦᠯ ᠵᠦᠢᠯ ᠪᠤᠶᠤ ᠪᠤᠰᠤᠳ ᠤᠰᠤᠨ ᠤ ᠰᠤᠷᠪᠤᠯᠵᠢ ᠶᠢᠨ ᠤᠰᠤ ᠬᠠᠩᠭᠠᠬᠤ ᠨᠦᠭᠦᠴᠡᠯ ᠬᠦᠷᠦᠯᠴᠡᠬᠦ ᠦᠭᠡᠢ ᠠᠵᠤ ᠦᠢᠯᠡᠰ ᠤᠨ ᠲᠦᠷᠦᠯ ᠵᠦᠢᠯ᠂ ᠭᠠᠵᠠᠷ ᠳᠤᠤᠷᠠᠬᠢ ᠤᠰᠤ ᠶᠢ ᠬᠡᠷᠡᠭᠯᠡᠬᠦ ᠶᠡᠷᠦᠩᠭᠡᠢ ᠬᠡᠮᠵᠢᠶ᠎ᠡ ᠪᠠ ᠤᠰᠤᠨ ᠤ ᠲᠦᠪᠰᠢᠨ‌ᠢ ᠡᠵᠡᠮᠰᠢᠬᠦ ᠱᠠᠭᠠᠷᠳᠠᠯᠭ᠎ᠠ ᠳᠤ ᠨᠠᠶᠢᠴᠠᠪᠡᠯ᠂ ᠬᠠᠦᠯᠢ ᠶᠤᠰᠤᠭᠠᠷ ᠭᠠᠵᠠᠷ ᠲᠤᠤᠷᠠᠬᠢ ᠤᠰᠤ ᠶᠢ ᠬᠡᠷᠭᠯᠡᠵᠤ ᠪᠤᠯᠤᠨ᠎ᠠ᠃      5. ᠠᠭᠤᠷᠬᠠᠢ ᠮᠠᠯᠳᠠᠬᠤ ᠪᠠᠶᠢᠭᠤᠯᠭ᠎ᠠ ᠪᠠ ᠭᠠᠵᠠᠷ ᠳᠤᠤᠷᠠᠬᠢ ᠢᠨᠵᠧᠨᠧᠷᠢᠩ ᠢ ᠪᠦᠳᠦᠭᠡᠨ ᠪᠠᠶᠢᠭᠤᠯᠬᠤ ᠪᠠᠶᠢᠭᠤᠯᠭ᠎ᠠ ᠨᠢ ᠪᠦᠲᠦᠮᠵᠢᠲᠦ ᠠᠷᠭ᠎ᠠ ᠪᠠᠷᠢᠯ ᠢᠶᠠᠷ ᠬᠠᠭᠤᠷᠠᠶᠢᠯᠠᠨ ᠤᠰᠤ ᠭᠠᠳᠠᠭᠰᠢᠯᠠᠭᠤᠯᠬᠤ ᠬᠡᠮᠵᠢᠶ᠎ᠡ ᠪᠠᠨ ᠪᠠᠭᠠᠰᠬᠠᠵᠤ᠂ ᠬᠠᠭᠤᠷᠠᠶᠢᠯᠠᠨ ᠭᠠᠳᠠᠭᠰᠢᠯᠠᠭᠤᠯᠤᠭᠰᠠᠨ ᠤᠰᠤ ᠶᠢ ᠤᠷᠢᠳᠴᠢᠯᠡᠨ ᠦᠢᠯᠡᠳᠪᠦᠷᠢᠯᠡᠯ ᠳᠡᠭᠡᠨ ᠬᠡᠷᠡᠭᠯᠡᠵᠤ᠂ ᠠᠰᠢᠭᠯᠠᠵᠤ ᠪᠤᠯᠬᠤ ᠦᠭᠡᠢ ᠶᠢ ᠨᠢ ᠪᠠᠷᠢᠮᠵᠢᠶᠠᠨ ᠳᠤ ᠨᠡᠶᠢᠴᠡᠭᠦᠯᠦᠨ ᠭᠠᠳᠠᠭᠰᠢᠯᠠᠭᠤᠯᠤᠨ᠎ᠠ᠃      ︽ᠲᠦᠷᠢᠮ︾ ᠨᠢ ᠬᠡᠷᠬᠢᠨ ᠠᠵᠤ ᠠᠬᠤᠢ ᠶᠢᠨ ᠠᠷᠭ᠎ᠠ ᠠᠪᠴᠢᠯ ᠢᠶᠠᠷ ᠭᠠᠵᠠᠷ ᠲᠤᠤᠷᠠᠬᠢ ᠤᠰᠤ ᠶᠢ ᠬᠠᠮᠢᠶᠠᠷᠤᠨ ᠬᠠᠮᠭᠠᠯᠠᠭᠰᠠᠨ ᠪᠤᠢ︖      1. ᠤᠰᠤᠨ ᠤ ᠡᠬᠢ ᠪᠠᠶᠠᠯᠢᠭ ᠤᠨ ᠭᠠᠶᠢᠯᠢ᠄ ᠦᠪᠡᠷᠳᠡᠭᠡᠨ ᠵᠠᠰᠠᠬᠤ ᠤᠷᠤᠨ ᠨᠢ ᠲᠦᠯᠦᠪᠯᠡᠭᠡ ᠠᠴᠠ ᠬᠡᠳᠦᠷᠡᠬᠦ᠂ ᠲᠤᠭᠳᠠᠭᠰᠠᠨ ᠬᠡᠮᠵᠢᠶ᠎ᠡ ᠠᠴᠠ ᠬᠡᠲᠦᠷᠡᠪᠡᠯ ᠬᠤᠷᠢᠶᠠᠨ ᠨᠡᠮᠡᠬᠦ ᠤᠰᠤᠨ ᠤ ᠡᠬᠢ ᠪᠠᠶᠠᠯᠢᠭ ᠤᠨ ᠭᠠᠶᠢᠯᠢ ᠬᠤᠷᠢᠶᠠᠬᠤ ᠲᠦᠷᠢᠮ ᠢ ᠬᠡᠷᠡᠭᠵᠢᠭᠦᠯᠳᠡᠭ᠃      ︵1︶ ᠭᠠᠵᠠᠷ ᠲᠤᠤᠷᠠᠬᠢ ᠤᠰᠤᠨ ᠤ ᠤᠰᠤᠨ ᠤ ᠡᠬᠢ ᠪᠠᠶᠠᠯᠢᠭ ᠤᠨ ᠭᠠᠶᠢᠯᠢ ᠬᠤᠷᠢᠶᠠᠬᠤ ᠪᠠᠷᠢᠮᠵᠢᠶ᠎ᠠ ᠨᠢ ᠭᠠᠵᠠᠷ ᠳᠡᠭᠡᠷᠡᠬᠢ ᠤᠰᠤᠨ ᠤ ᠪᠠᠷᠢᠮᠵᠢᠶ᠎ᠠ ᠠᠴᠠ ᠦᠨᠳᠦᠷ ᠪᠠᠶᠢᠪᠠᠯ ᠵᠤᠬᠢᠨ᠎ᠠ᠃      ︵2︶ ᠭᠠᠵᠠᠷ ᠲᠤᠤᠷᠠᠬᠢ ᠤᠰᠤᠨ ᠤ ᠬᠡᠲᠤ ᠮᠠᠯᠳᠠᠯᠳᠡ ᠶᠢᠨ ᠤᠷᠤᠨ ᠤ ᠤᠰᠤᠨ ᠤ ᠡᠬᠢ ᠪᠠᠶᠠᠯᠢᠭ ᠤᠨ ᠭᠠᠶᠢᠯᠢ ᠬᠤᠷᠢᠶᠠᠬᠤ ᠪᠠᠷᠢᠮᠵᠢᠶ᠎ᠠ ᠨᠢ ᠬᠡᠲᠤ ᠮᠠᠯᠳᠠᠭ᠎ᠠ ᠦᠭᠡᠢ ᠤᠷᠤᠨ ᠤ ᠪᠠᠷᠢᠮᠵᠢᠶ᠎ᠠ ᠠᠴᠠ ᠦᠨᠳᠦᠷ ᠪᠠᠶᠢᠪᠠᠯ ᠵᠤᠬᠢᠨ᠎ᠠ᠃      ︵3︶ ᠭᠠᠵᠠᠷ ᠲᠤᠤᠷᠠᠬᠢ ᠤᠰᠤ ᠶᠢ ᠬᠡᠲᠤ ᠰᠦᠷᠡᠬᠡᠢ ᠮᠠᠯᠲᠠᠭᠰᠠᠨ ᠤᠷᠤᠨ ᠤ ᠤᠰᠤᠨ ᠤ ᠡᠬᠢ ᠪᠠᠶᠠᠯᠢᠭ  ᠤᠨ ᠭᠠᠶᠢᠯᠢ ᠬᠤᠷᠢᠶᠠᠬᠤ ᠪᠠᠷᠢᠮᠵᠢᠶ᠎ᠠ ᠨᠢ ᠬᠡᠲᠤ ᠮᠠᠯᠳᠠᠭ᠎ᠠ ᠦᠭᠡᠢ ᠤᠷᠤᠨ ᠤ ᠪᠠᠷᠢᠮᠵᠢᠶ᠎ᠠ ᠠᠴᠠ ᠶᠡᠭᠡ ᠬᠡᠮᠵᠢᠶ᠎ᠡ ᠪᠠᠷ ᠦᠨᠳᠦᠷ ᠪᠠᠶᠢᠪᠠᠯ ᠵᠤᠬᠢᠨ᠎ᠠ᠃      2. ᠤᠰᠤᠨ ᠤ ᠦᠨ᠎ᠡ᠄ ᠤᠰᠤ ᠬᠠᠩᠭᠠᠬᠤ ᠢᠨᠵᠧᠨᠧᠷᠢᠩ ᠤᠨ ᠬᠠᠩᠭᠠᠭᠰᠠᠨ ᠤᠰᠤ ᠶᠢ ᠬᠡᠷᠡᠭᠯᠡᠪᠡᠯ᠂ ᠤᠰᠤ ᠬᠠᠩᠭᠠᠭᠰᠠᠨ ᠪᠠᠶᠢᠭᠤᠯᠭ᠎ᠠ ᠳᠤ ᠤᠰᠤᠨ ᠤ ᠰᠦᠢᠳᠭᠡᠯ ᠲᠤᠰᠢᠶᠠᠪᠠᠯ ᠵᠤᠬᠢᠨ᠎ᠠ᠃ ᠰᠠᠭᠤᠭᠠᠯᠢ ᠠᠷᠠᠳ ᠠᠮᠢᠳᠤᠷᠠᠯ ᠤᠨ ᠤᠰᠤ ᠬᠡᠷᠡᠭᠯᠡᠬᠦ ᠳᠤ ᠱᠠᠳᠣᠯᠢᠭ ᠤᠰᠤᠨ ᠤ ᠦᠨ᠎ᠡ ᠶᠢᠨ ᠲᠦᠷᠢᠮ ᠢ ᠬᠡᠷᠡᠭᠵᠢᠭᠦᠯᠦᠨ᠎ᠡ︔ ᠰᠠᠭᠤᠭᠠᠯᠢ ᠠᠷᠠᠳ ᠠᠮᠢᠳᠤᠷᠠᠯ ᠤᠨ ᠪᠤᠰᠤ ᠤᠰᠤ ᠬᠡᠷᠡᠭᠯᠡᠬᠦ ᠳᠤ ᠲᠦᠯᠦᠪᠯᠡᠭᠡ ᠠᠴᠠ ᠬᠡᠳᠦᠷᠡᠬᠦ᠂ ᠲᠤᠭᠳᠠᠭᠰᠠᠨ ᠬᠡᠮᠵᠢᠶ᠎ᠡ ᠠᠴᠠ ᠬᠡᠲᠦᠷᠡᠪᠡᠯ ᠦᠨ᠎ᠡ ᠦᠰᠭᠡᠬᠦ ᠲᠦᠷᠢᠮ ᠢ ᠬᠡᠷᠡᠭᠵᠢᠭᠦᠯᠦᠨ᠎ᠡ᠃  
 
ᠢᠷᠡᠯᠲᠡ᠄ ᠡᠵᠡᠨ᠎ᠡ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠤᠪᠴᠢᠶ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号