4 ᠰᠠᠷ᠎ᠠ ᠶᠢᠨ 15 ᠤ ᠡᠳᠦᠷ᠂ ᠡᠵᠡᠨ᠎ᠡ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠳᠥᠷᠪᠡᠳᠦᠭᠡᠷ ᠤᠳᠠᠭᠠᠨ ᠤ ᠬᠤᠷᠠᠯ | ᠬᠤᠷᠠᠯᠳᠤᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠦᠲᠦᠭᠡᠯᠴᠢ ᠬᠤᠷᠠᠯ ᠡᠷᠬᠢᠯᠡᠨ᠂ ᠠᠷᠪᠠᠨ ᠨᠠᠢᠮᠠᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ | ᠭᠡᠰᠢᠭᠦᠳ ᠬᠤᠷᠠᠯ ᠳᠤ ᠣᠷᠣᠯᠴᠠᠵᠤ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠰᠠᠬᠢᠯᠭ᠎ᠠ ᠪᠠᠲᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ | ᠬᠤᠷᠢᠶᠠᠨ ᠤ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ ᠳᠤ ᠰᠤᠯᠠ ᠪᠠᠷ ᠣᠷᠣᠯᠴᠠᠵᠠᠢ᠃ | ᠬᠤᠷᠠᠯ ᠠᠴᠠ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠯᠧᠺᠲ᠋ᠣᠷ ᠵᠣᠣ | ᠬᠠᠢ ᠰᠢᠶᠠ ᠶᠢ ᠤᠷᠢᠵᠤ ᠲᠤᠰᠬᠠᠢ ᠰᠡᠳᠦᠪ ᠢᠶᠠᠷ ᠪᠥᠬᠦ ᠤᠯᠤᠰ ᠤᠨ ︽ᠬᠤᠶᠠᠷ ᠬᠤᠷᠠᠯ︾ ᠤᠨ ᠵᠣᠷᠢᠭ ᠰᠠᠨᠠᠭᠠᠨ ᠤ | ᠲᠠᠶᠢᠯᠤᠮᠵᠢ ᠬᠢᠪᠡ᠃ | ᠬᠤᠷᠠᠯ ᠠᠴᠠ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠡᠵᠡᠨ᠎ᠡ ᠬᠤᠰᠢᠭᠤᠨ ᠤ ᠤᠯᠤᠰ ᠠᠷᠠᠳ ᠤᠨ | ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ | ᠬᠥᠲᠥᠯᠪᠦᠷᠢ ᠶᠢᠨ ᠳᠤᠮᠳᠠ ᠬᠤᠭᠤᠴᠠᠭᠠᠨ ᠤ ᠦᠨᠡᠯᠡᠯᠲᠡ ᠶᠢᠨ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠪᠡ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ︽ᠰᠠᠶᠢᠬᠠᠨᠲᠤᠤᠷᠠᠢ ᠶᠢᠨ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ | ︵ᠲᠥᠷᠥᠯ ᠵᠦᠢᠯ︶ ᠢ ᠵᠥᠪᠰᠢᠶᠡᠷᠡᠨ ᠣᠷᠣᠭᠤᠯᠬᠤ ᠵᠢᠴᠢ ᠪᠤᠴᠠᠭᠠᠨ ᠭᠠᠷᠭᠠᠬᠤ ᠬᠠᠮᠢᠶᠠᠷᠤᠯᠲᠠ ᠶᠢᠨ ᠲᠦᠷ | ᠬᠡᠷᠡᠭᠵᠢᠭᠦᠯᠬᠦ ᠠᠷᠭ᠎ᠠ︾ ᠶᠢ ᠳᠡᠩᠰᠡᠯᠡᠵᠦ ᠬᠢᠨᠠᠨ ᠪᠠᠶᠢᠴᠠᠭᠠᠪᠠ᠃ | ᠬᠤᠷᠠᠯ ᠠᠴᠠ ᠵᠢᠶᠠᠩ ᠵᠢᠦᠢ ᠮᠧᠶ ᠶᠢ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ | ᠲᠣᠪᠴᠢᠶ᠎ᠠ ᠶᠢᠨ ᠳᠠᠷᠤᠭ᠎ᠠ ᠶᠢᠨ ᠲᠤᠰᠢᠶᠠᠯ ᠳᠤ ᠲᠣᠮᠢᠯᠠᠬᠤ ᠶᠢ ᠪᠠᠲᠤᠯᠠᠪᠠ᠃ ᠰᠢᠨ᠎ᠡ ᠪᠠᠷ ᠲᠤᠰᠢᠶᠠᠯ ᠳᠤ ᠭᠠᠷᠤᠭᠰᠠᠨ | ᠨᠥᠬᠦᠳ ᠤᠳᠤᠷᠢᠳᠬᠤ ᠺᠠᠳ᠋ᠷ ᠤᠨ ᠲᠤᠰᠢᠶᠠᠯ ᠳᠤ ᠭᠠᠷᠬᠤ ᠠᠴᠠ ᠡᠮᠦᠨᠡᠬᠢ ᠬᠠᠤᠯᠢ ᠴᠠᠭᠠᠵᠠ ᠶᠢᠨ ᠮᠡᠳᠡᠯᠭᠡ ᠶᠢᠨ | ᠰᠢᠯᠭᠠᠯᠲᠠ ᠶᠢ ᠥᠩᠭᠡᠷᠡᠭᠡᠭᠰᠡᠨ ᠪᠥᠭᠡᠳ ᠬᠤᠷᠠᠯ ᠳᠡᠭᠡᠷ᠎ᠡ ᠲᠤᠰᠢᠶᠠᠯ ᠳᠤ ᠭᠠᠷᠬᠤ ᠶᠠᠷᠢᠶ᠎ᠠ ᠲᠠᠯᠪᠢᠵᠤ ᠦᠨᠳᠦᠰᠦᠨ | ᠬᠠᠤᠯᠢ ᠳᠤ ᠲᠠᠩᠭᠠᠷᠢᠭᠯᠠᠪᠠ᠃ |