ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠣᠶ ᠵᠢᠴᠢ ᠤᠯᠠᠭᠠᠨ | ᠴᠡᠷᠢᠭ ᠤᠨ ᠣᠷᠳᠣ ᠵᠠᠮ ᠤᠨ ᠠᠶᠠᠨ ᠲᠡᠶᠢᠨ ᠤ ᠮᠣᠷᠳᠠᠭᠰᠠᠨ 90 ᠵᠢᠯ ᠤᠨ ᠣᠶ ᠶᠢᠨ ᠲᠠᠰᠢᠷᠠᠮ ᠢᠶᠠᠷ᠂ 4 | ᠰᠠᠷ᠎ᠠ ᠶᠢᠨ 16 ᠤ ᠡᠳᠦᠷ᠂ ᠮᠠᠨ ᠤ ᠬᠤᠰᠢᠭᠤ ︽ᠬᠠᠨ ᠲᠡᠭᠷᠢ ᠶᠢᠨ ᠳᠠᠯᠠᠯᠭ᠎ᠠ ᠮᠢᠩᠭᠠᠨ ᠪᠤᠳᠤᠭᠤ ᠶᠢᠨ ᠬᠡᠰᠢᠭ︾ | ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭᠠᠨ ᠤ ᠨᠢᠭᠡ ᠪᠣᠯᠬᠤ ᠮᠠᠯᠴᠢᠨ ᠳᠠᠷᠢᠶᠠᠴᠢᠳ ᠤᠨ ᠳᠠᠭᠤᠨ ᠤ | ᠤᠷᠤᠯᠳᠤᠭᠠᠨ ᠢ ᠡᠷᠬᠢᠯᠡᠨ ᠶᠠᠪᠤᠭᠳᠠᠭᠤᠯᠪᠠ᠃ | ᠤᠷᠤᠯᠳᠤᠭᠠᠨ ᠤ ᠠᠬᠤᠢ ᠲᠠᠯᠠᠪᠠᠶ ᠬᠥᠷ ᠬᠥᠭᠵᠢᠶᠡᠨ ᠢᠶᠠᠷ ᠪᠢᠯᠬᠠᠵᠤ᠂ ᠪᠥᠬᠦ ᠬᠤᠰᠢᠭᠤᠨ ᠤ ᠳᠠᠭᠤᠨ ᠳᠤ | ᠳᠤᠷᠠᠲᠠᠢ ᠮᠠᠯᠴᠢᠨ ᠲᠠᠷᠢᠶᠠᠴᠢᠳ ᠰᠡᠳᠬᠢᠯ ᠨᠢᠭᠡᠳᠣᠨ ᠬᠤᠷᠠᠨ ᠴᠤᠭᠯᠠᠷᠠᠵᠤ᠂ ᠣᠨᠴᠠᠯᠢᠭ ᠢ ᠳᠣᠪᠣᠶᠢᠯᠭᠠᠭᠰᠠᠨ | ᠭᠤᠶᠢᠳᠠ ᠰᠠᠶᠢᠬᠠᠨ ᠲᠣᠭᠯᠠᠯᠲᠠ ᠨᠤᠭᠤᠳ ᠡᠭᠡᠯᠵᠢᠯᠡᠨ ᠲᠣᠭᠯᠠᠭᠳᠠᠵᠤ᠂ ᠳᠠᠭᠤᠴᠢᠳ ᠮᠠᠨᠢ ᠣᠷᠬᠢᠯᠣᠮ᠎ᠠ ᠬᠠᠯᠠᠭᠤᠨ | ᠰᠡᠳᠬᠢᠯᠬᠡ ᠪᠠᠷ ᠢᠶᠠᠨ ᠣᠷᠣᠯᠳᠤᠭᠠᠨ ᠢ ᠤᠯᠠᠮ ᠬᠤᠷᠴᠠ ᠰᠢᠷᠦᠭᠦᠨ ᠪᠣᠯᠭᠠᠪᠠ᠃ ᠣᠷᠣᠯᠴᠠᠭᠴᠢ ᠮᠠᠨᠢ ᠲᠠᠶᠢᠰᠠᠨ᠎ᠠ | ᠤᠷ᠎ᠠ ᠠᠪᠢᠶᠠᠰ ᠢᠶᠠᠨ ᠭᠠᠷᠭᠠᠵᠤ᠂ ᠣᠷᠣᠯᠳᠤᠭᠠᠨ ᠤ ᠥᠨᠳᠤᠷ ᠠᠮᠵᠢᠯᠲᠠ ᠶᠢ ᠣᠯᠬᠤ ᠪᠠᠷ ᠵᠣᠷᠢᠭ ᠢᠶᠠᠨ ᠴᠢᠩᠭᠠᠯᠠᠨ | ᠮᠦᠷᠤᠶᠢᠴᠡᠨᠡ᠃ ᠢᠯᠠᠩᠭᠤᠶ᠎ᠠ ︽ᠡᠬᠡ ᠤᠷᠤᠨ ᠮᠢᠨᠢ︾᠂ ︽ᠪᠠᠶᠠᠨᠪᠣᠭᠳᠠ︾ ᠭᠡᠬᠦ ᠳᠠᠭᠤᠤ ᠨᠤᠭᠤᠳ ᠨᠢ ᠮᠠᠯᠴᠢᠨ | ᠲᠠᠷᠢᠶᠠᠴᠢᠨ ᠤ ᠨᠤᠲᠤᠭ ᠤᠰᠤ ᠪᠠᠨ ᠬᠠᠶᠢᠷᠠᠯᠠᠬᠤ ᠵᠣᠷᠢᠭ ᠰᠠᠨᠠᠭ᠎ᠠ ᠪᠠ ᠡᠵᠡᠨ᠎ᠡ ᠶᠢᠨ ᠨᠤᠲᠤᠭ ᠤᠰᠤᠨ ᠤ ᠵᠠᠩ | ᠠᠭᠠᠯᠢ ᠳᠤ ᠬᠠᠨᠳᠤᠭᠤᠯᠤᠭᠰᠠᠨ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠭᠦᠢᠴᠡᠳ ᠬᠠᠷᠠᠭᠤᠯᠤᠭᠰᠠᠨ ᠪᠠᠶᠢᠨ᠎ᠠ᠃ | ᠣᠶᠢᠯᠠᠭᠠᠭᠰᠠᠨ ᠢᠶᠠᠷ᠂ ᠮᠠᠨ ᠤ ᠬᠤᠰᠢᠭᠤᠨ ᠤ ᠮᠠᠯᠴᠢᠨ ᠲᠠᠷᠢᠶᠠᠴᠢᠨ ᠤ ᠳᠠᠭᠤᠨ ᠤ ᠤᠷᠤᠯᠳᠤᠭᠠᠨ ᠨᠢ | ᠪᠠᠭᠠᠴᠤᠳ ᠤᠨ ᠳᠤᠭᠤᠶᠢᠯᠠᠩ ᠪᠣᠯᠣᠨ ᠳᠣᠮᠣᠴᠤᠳ ᠤᠨ ᠳᠤᠭᠤᠶᠢᠯᠠᠩ ᠬᠡᠮᠡᠨ ᠬᠤᠶᠠᠷ ᠳᠤᠭᠤᠶᠢᠯᠠᠩ ᠬᠤᠪᠢᠶᠠᠨ | ᠣᠷᠣᠯᠳᠤᠭᠤᠯᠵᠤ᠂ ᠠᠩᠬᠠᠨ ᠤ ᠰᠢᠭᠰᠢᠬᠡ ᠣᠷᠣᠯᠳᠤᠭᠠᠨ ᠢᠶᠠᠷ ᠳᠠᠮᠵᠢᠨ᠂ ᠨᠠᠶᠢᠳᠠ 47 ᠨᠡᠷᠡᠰ ᠣᠷᠣᠯᠴᠠᠭᠴᠢ ᠤᠨ | 20 ᠰᠢᠯᠢᠳᠡᠭ ᠪᠦᠲᠦᠭᠡᠯ ᠢ ᠰᠢᠯᠭᠠᠷᠠᠭᠤᠯᠤᠨ ᠭᠠᠷᠭᠠᠵᠤ ᠰᠢᠢᠳᠪᠦᠷᠢᠲᠦ ᠤᠷᠤᠯᠳᠤᠭᠠᠨ ᠳᠤ ᠣᠷᠣᠯᠴᠠᠭᠤᠯᠬᠤ | ᠪᠣᠯᠣᠨ᠎ᠠ᠃ | |