ᠬᠠᠪᠤᠷ ᠤᠨ ᠤᠯᠠᠷᠢᠯ ᠳᠤ ᠮᠠᠯ ᠤᠨ ᠭᠠᠩ ᠬᠠᠭᠰᠠᠷᠠᠭᠠᠨ ᠲᠡᠮᠡᠴᠡᠵᠦ ᠭᠠᠮᠰᠢᠭ ᠢ ᠰᠡᠷᠬᠡᠶᠢᠯᠡᠵᠦ ᠪᠠ ᠮᠠᠯ ᠤᠨ | ᠡᠪᠡᠰᠦ ᠪᠣᠷᠳᠤᠭ᠎ᠠ ᠨᠥᠭᠡᠴᠡᠯᠡᠬᠦ ᠠᠵᠢᠯ ᠢ ᠰᠠᠶᠢᠲᠤᠷ ᠠᠳᠬᠤᠵᠤ᠂ ᠮᠠᠯ ᠠᠵᠤ ᠠᠬᠤᠢ ᠶᠢᠨ ᠡᠷᠡᠭᠦᠯ ᠢᠶᠠᠷ | ᠦᠷᠭᠦᠯᠵᠢᠯᠡᠨ ᠬᠥᠭᠵᠢᠬᠦ ᠶᠢ ᠦᠨᠡᠨ ᠬᠦ ᠪᠠᠲᠤᠯᠠᠬᠤ ᠶᠢᠨ ᠲᠥᠯᠥᠭᠡ᠂ ᠰᠠᠶᠢᠬᠠᠨᠲᠤᠤᠷᠠᠢ ᠰᠤᠮᠤ ᠬᠤᠰᠢᠭᠤᠨ ᠤ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠠᠢ ᠢᠳᠡᠪᠬᠢᠲᠡᠢ ᠵᠣᠯᠭᠠᠭᠤᠯᠵᠤ᠂ ᠬᠠᠪᠤᠷ ᠤᠨ ᠤᠯᠠᠷᠢᠯ ᠤᠨ ᠭᠠᠩ | ᠬᠠᠭᠰᠠᠷᠠᠭᠠᠨ ᠲᠠᠢ ᠲᠡᠮᠡᠴᠡᠬᠦ ᠡᠪᠡᠰᠦ ᠪᠣᠷᠳᠤᠭ᠎ᠠ ᠠᠴᠠ ᠡᠷᠳᠡᠨᠢ ᠰᠢᠰᠢ 18 ᠲᠣᠨ᠂ ᠴᠠᠷᠭᠠᠰᠤ 32 ᠲᠣᠨ | ᠴᠢᠷᠮᠠᠶᠢᠨ ᠤᠯᠵᠤ 4 ᠰᠠᠷ᠎ᠠ ᠶᠢᠨ 12 ᠤᠨ ᠡᠳᠦᠷ᠂ ᠰᠠᠶᠢᠬᠠᠨᠲᠤᠤᠷᠠᠢ ᠰᠤᠮᠤᠨ ᠤ ᠺᠠᠳ᠋ᠷ ᠠᠵᠢᠯᠲᠠᠨ᠂ ᠭᠠᠴᠠᠭᠠᠨ ᠤ | ᠬᠤᠶᠠᠷ ᠵᠥᠪᠯᠡᠯ᠂ ᠭᠠᠴᠠᠭᠠᠨ ᠳᠤ ᠰᠠᠭᠤᠭ᠎ᠠ ᠠᠵᠢᠯᠯᠠᠬᠤ ᠠᠩᠭᠢ ᠶᠢ ᠵᠣᠬᠢᠶᠠᠨ ᠪᠠᠶᠢᠭᠤᠯᠵᠤ ᠭᠠᠩ ᠬᠠᠭᠰᠠᠷᠠᠭᠠᠨ ᠲᠠᠢ | ᠲᠡᠮᠡᠴᠡᠬᠦ ᠡᠪᠡᠰᠦ ᠪᠣᠷᠳᠤᠭ᠎ᠠ ᠶᠢ ᠬᠠᠷᠢᠶ᠎ᠠ ᠣᠷᠣᠨ ᠤ ᠪᠠᠨ 68 ᠡᠷᠦᠬᠡ ᠮᠠᠯᠴᠢᠨ ᠲᠠᠷᠢᠶᠠᠴᠢᠨ ᠤ ᠭᠠᠷ ᠲᠤ | ᠲᠠᠷᠬᠠᠭᠠᠪᠠ᠃ | ᠲᠠᠷᠬᠠᠭᠠᠬᠤ ᠲᠤᠬᠠᠢ ᠶᠢᠨ ᠲᠠᠯᠠᠪᠠᠢ ᠳᠤ᠂ ᠠᠵᠢᠯᠲᠠᠳ ᠮᠠᠯᠴᠢᠨ ᠲᠠᠷᠢᠶᠠᠴᠢᠨ ᠤ ᠡᠪᠡᠰᠦ ᠪᠣᠷᠳᠤᠭ᠎ᠠ | ᠵᠥᠭᠡᠭᠡᠪᠦᠷᠢᠯᠡᠬᠦ᠂ ᠡᠪᠡᠰᠦ ᠪᠣᠷᠳᠤᠭ᠎ᠠ ᠲᠠᠷᠬᠠᠭᠠᠬᠤ ᠨᠠᠷᠢᠨ ᠳᠠᠩᠰᠠ ᠶᠢ ᠳᠡᠩᠰᠡᠯᠡᠵᠦ᠂ ᠬᠠᠷᠭᠤᠭᠤᠯᠵᠤ᠂ ᠡᠪᠡᠰᠦ | ᠪᠣᠷᠳᠤᠭ᠎ᠠ ᠠᠪᠬᠤ ᠪᠠᠷ ᠢᠷᠡᠭᠰᠡᠨ ᠮᠠᠯᠴᠢᠨ ᠲᠠᠷᠢᠶᠠᠴᠢᠨ ᠤ ᠲᠡᠷᠭᠡᠨ ᠳᠤ ᠲᠡᠭᠡᠭᠡᠵᠦ᠂ ᠵᠥᠭᠡᠭᠡᠪᠦᠷᠢᠯᠡᠬᠦ ᠪᠠᠷ | ᠶᠠᠭᠠᠷᠠᠯᠳᠤᠵᠤ᠂ ᠲᠤᠬᠠᠢ ᠶᠢᠨ ᠲᠠᠯᠠᠪᠠᠢ ᠳᠤ ᠮᠠᠰᠢ ᠶᠠᠭᠠᠷᠠᠯᠲᠠᠢ ᠪᠠᠶᠢᠯ᠎ᠠ᠃ ᠡᠪᠡᠰᠦ ᠪᠣᠷᠳᠤᠭ᠎ᠠ ᠲᠠᠷᠬᠠᠭᠠᠵᠤ | ᠳᠠᠭᠤᠰᠤᠭᠰᠠᠨ ᠤ ᠳᠠᠷᠠᠭ᠎ᠠ᠂ ᠮᠠᠯᠴᠢᠨ ᠲᠠᠷᠢᠶᠠᠴᠢᠨ ᠤᠯᠠᠨ ᠲᠦᠮᠡᠨ ᠲᠤᠩ ᠪᠠᠶᠠᠷᠳᠠᠢ ᠪᠠᠷ ᠨᠠᠮ ᠪᠣᠯᠤᠨ ᠵᠠᠰᠠᠭ ᠤᠨ | ᠣᠷᠳᠣᠨ ᠤ ᠭᠦᠨ ᠬᠠᠯᠠᠮᠵᠢᠯᠠᠯ ᠳᠤ ᠲᠠᠯᠠᠷᠬᠠᠵᠤ᠂ ᠮᠠᠨ ᠤ ᠠᠵᠤ ᠠᠬᠤᠢ ᠶᠢᠨ ᠳᠠᠷᠤᠭᠠᠰᠤ ᠶᠢ ᠬᠥᠩᠭᠡᠷᠡᠭᠦᠯᠪᠡ ᠭᠡᠵᠦ | ᠶᠠᠷᠢᠴᠠᠭᠠᠪᠠ᠃ ᠲᠡᠵᠢᠭᠡᠯ ᠡᠪᠡᠰᠦ ᠪᠣᠷᠳᠤᠭ᠎ᠠ ᠲᠠᠷᠬᠠᠭᠠᠬᠤ ᠨᠢ ᠮᠠᠯᠴᠢᠨ ᠲᠠᠷᠢᠶᠠᠴᠢᠨ ᠲᠦᠮᠡᠨ ᠤ ᠮᠠᠯ ᠠᠵᠤ | ᠠᠬᠤᠢ ᠶᠢᠨ ᠦᠢᠯᠡᠳᠪᠦᠷᠢᠯᠡᠯ ᠤᠨ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠪᠡ᠃ | ᠲᠤᠰ ᠤᠳᠠᠭᠠᠨ ᠤ ᠡᠪᠡᠰᠦ ᠪᠣᠷᠳᠤᠭ᠎ᠠ ᠲᠠᠷᠬᠠᠭᠠᠬᠤ ᠨᠢ ᠣᠯᠠᠨ ᠲᠦᠮᠡᠨ ᠤ ᠳᠡᠭᠡᠳᠦ ᠬᠡᠮᠵᠢᠶᠡᠨ ᠤ | ᠬᠦᠷᠢᠶᠡᠯᠡᠯ ᠢ ᠣᠯᠵᠤ᠂ ᠰᠠᠶᠢᠬᠠᠨᠲᠤᠤᠷᠠᠢ ᠰᠤᠮᠤ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠠᠶᠢᠷ᠎ᠠ ᠬᠠᠯᠠᠮᠵᠢ ᠶᠢ | ᠳᠠᠮᠵᠢᠭᠤᠯᠵᠤ᠂ ᠮᠠᠯ ᠠᠵᠤ ᠠᠬᠤᠢ ᠶᠢᠨ ᠡᠷᠡᠭᠦᠯ ᠲᠣᠭᠲᠠᠭᠤᠨ ᠬᠥᠭᠵᠢᠯᠲᠡ ᠶᠢ ᠬᠦᠴᠦᠲᠡᠢ ᠪᠠᠲᠤᠯᠠᠨ᠂ ᠮᠠᠯᠴᠢᠨ | ᠲᠠᠷᠢᠶᠠᠴᠢᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠦᠨᠡᠨ ᠬᠦ ᠳᠡᠭᠡᠭᠰᠢᠯᠡᠭᠦᠯᠪᠡ᠃ ᠳᠠᠷᠠᠭᠠᠴᠢ ᠶᠢᠨ ᠠᠯᠬᠤᠮ ᠳᠤ᠂ ᠰᠠᠶᠢᠬᠠᠨᠲᠤᠤᠷᠠᠢ ᠰᠤᠮᠤ ᠭᠠᠮᠰᠢᠭ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠤᠬᠠᠮᠰᠠᠷ ᠢ ᠪᠠᠲᠤ ᠪᠣᠢ ᠪᠣᠯᠭᠠᠵᠤ᠂ ᠣᠨᠴᠠᠭᠠᠢ ᠴᠠᠭ ᠠᠭᠤᠷ ᠤᠨ ᠰᠡᠷᠡᠮᠵᠢᠯᠡᠭᠦᠯᠦᠯ ᠢ | ᠨᠢᠭᠲᠠ ᠠᠩᠬᠠᠷᠤᠨ᠂ ᠮᠠᠯᠴᠢᠨ ᠲᠠᠷᠢᠶᠠᠴᠢᠨ ᠤ ᠭᠠᠮᠰᠢᠭ ᠲᠠᠢ ᠲᠡᠮᠡᠴᠡᠵᠦ ᠮᠠᠯ ᠠᠵᠤ ᠠᠬᠤᠢ ᠶᠢ ᠬᠠᠮᠠᠭᠠᠯᠠᠬᠤ ᠶᠢ | ᠵᠢᠯᠣᠭᠤᠳᠴᠤ᠂ ᠦᠢᠯᠡᠳᠪᠦᠷᠢᠯᠡᠯ ᠠᠮᠢᠳᠤᠷᠠᠯ ᠤᠨ ᠬᠡᠪ ᠤᠨ ᠡᠮᠬᠢ ᠳᠢᠭᠯᠢᠮ ᠲᠠᠢ ᠪᠠᠶᠢᠬᠤ ᠶᠢ ᠠᠬᠢᠭᠤᠯᠤᠨ᠎ᠠ᠃ |