ᠵᠢᠯᠤᠭᠤᠴᠢ ᠶᠢᠨ ᠦᠨᠡᠮᠯᠡᠯ ᠤᠨ ᠰᠢᠯᠭᠠᠯᠲᠠ ᠶᠢᠨ ᠬᠠᠯᠠᠭᠤᠨ ᠦᠢᠯᠡᠴᠢᠯᠡᠭᠡ ᠴᠡᠷᠢᠭ ᠤᠨ ᠭᠡᠷ ᠪᠦᠯᠢ ᠶᠢᠨ ᠰᠡᠳᠬᠢᠯ ᠢ ᠳᠤᠯᠠᠭᠠᠴᠠᠭᠤᠯᠤᠨ᠎ᠠ
ᠨᠡᠶᠢᠲᠡᠯᠡᠭᠰᠡᠨ ᠴᠠᠭ᠄
2024/4/18
      ᠠᠭᠠᠷ ᠤᠨ ᠴᠡᠷᠢᠭ ᠤᠨ ᠨᠢᠭᠡᠨ ᠰᠠᠭᠤᠷᠢᠨ ᠭᠠᠵᠠᠷ ᠤᠨ ᠭᠡᠷ ᠪᠦᠯᠢ ᠶᠢᠨ ᠵᠢᠯᠣᠭᠤᠴᠢ ᠶᠢᠨ ᠦᠨᠡᠮᠯᠡᠯ ᠤᠨ       ︽ᠲᠡᠷᠭᠡ ᠰᠤᠷᠬᠤ ᠳᠤ ᠬᠦᠴᠢᠷ︾᠂ ︽ᠰᠢᠯᠭᠠᠬᠤ ᠳᠤ ᠬᠦᠴᠢᠷ︾ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠤᠰᠠᠲᠠ᠂ ᠣᠶᠢᠷ᠎ᠠ ᠶᠢᠨ ᠡᠳᠦᠷ᠂ ᠮᠠᠨ ᠤ ᠬᠤᠰᠢᠭᠤᠨ ᠤ ᠣᠯᠠᠨ ᠰᠠᠯᠠᠭ᠎ᠠ ᠮᠥᠴᠢᠷ ᠬᠠᠮᠲᠤᠷᠠᠨ ᠠᠭᠠᠷ ᠤᠨ ᠴᠡᠷᠢᠭ ᠤᠨ ᠨᠢᠭᠡᠨ ᠰᠠᠭᠤᠷᠢᠨ ᠭᠠᠵᠠᠷ ᠲᠤ ᠵᠢᠯᠣᠭᠤᠴᠢ ᠶᠢᠨ ᠦᠨᠡᠮᠯᠡᠯ ᠤᠨ ᠰᠢᠯᠭᠠᠯᠲᠠ ᠶᠢᠨ ᠪᠣᠯᠪᠠᠰᠤᠷᠠᠯ ᠤᠨ ᠠᠵᠢᠯ ᠢ ᠥᠷᠨᠢᠭᠦᠯᠵᠦ᠂ ᠰᠠᠭᠤᠷᠢᠨ ᠭᠠᠵᠠᠷ ᠤᠨ ᠭᠡᠷ ᠪᠦᠯᠢ ᠶᠢᠨ ᠬᠢᠨ ᠳᠤ ᠨᠠᠩ ᠳᠥᠭᠦᠮ       ᠳᠥᠲᠡ᠂ ᠥᠨᠳᠥᠷ ᠪᠦᠲᠦᠮᠵᠢᠲᠡᠶ ᠲᠡᠷᠭᠡ ᠰᠤᠷᠬᠤ ᠦᠢᠯᠡᠴᠢᠯᠡᠭᠡ ᠶᠢ ᠬᠠᠩᠭᠠᠵᠤ ᠪᠠᠶᠢᠨ᠎ᠠ᠃      ᠰᠤᠷᠪᠤᠯᠵᠢᠯᠠᠭᠴᠢ ᠬᠤᠰᠢᠭᠤᠨ ᠤ ᠠᠨ ᠨᠥᠸᠧ ᠵᠢᠯᠣᠭᠤᠴᠢ ᠶᠢᠨ ᠰᠤᠷᠭᠠᠭᠤᠯᠢ ᠶᠢᠨ ᠪᠣᠯᠪᠠᠰᠤᠷᠠᠯ ᠤᠨ ᠲᠠᠯᠠᠪᠠᠶ ᠶᠢᠨ ᠬᠤᠪᠢᠶᠠᠷᠢ ᠲᠠᠯᠠᠪᠠᠶ ᠳᠤ ᠬᠦᠷᠪᠡᠯ᠂ ᠬᠤᠶᠠᠳᠤᠭᠠᠷ ᠬᠢᠴᠢᠶᠡᠯ ᠲᠥᠷᠥᠯ ᠤᠨ ᠪᠣᠯᠪᠠᠰᠤᠷᠠᠯ ᠤᠨ ᠲᠠᠯᠠᠪᠠᠶ ᠳᠤ ᠰᠤᠷᠤᠭᠴᠢᠳ ᠵᠢᠯᠣᠭᠤᠴᠢ ᠶᠢᠨ ᠰᠤᠷᠭᠠᠭᠤᠯᠢ ᠶᠢᠨ ᠰᠤᠷᠭᠠᠭᠴᠢ ᠶᠢᠨ ᠵᠢᠯᠣᠭᠤᠳᠤᠯᠭ᠎ᠠ ᠳᠣᠣᠷ᠎ᠠ ᠲᠡᠷᠭᠡ ᠪᠠᠨ ᠤᠬᠤᠷᠢᠭᠤᠯᠵᠤ ᠬᠥᠮᠥᠷᠭᠡ ᠳᠤ ᠣᠷᠣᠭᠤᠯᠬᠤ ᠵᠡᠷᠭᠡ ᠵᠦᠢᠯ ᠤᠨ ᠪᠣᠯᠪᠠᠰᠤᠷᠠᠯ ᠬᠢᠵᠦ ᠪᠠᠶᠢᠯ᠎ᠠ᠃      ᠡᠵᠡᠨ᠎ᠡ ᠬᠤᠰᠢᠭᠤᠨ ᠤ ᠠᠨ ᠨᠥᠸᠧ ᠵᠢᠯᠤᠭᠤᠴᠢ ᠶᠢᠨ ᠰᠤᠷᠭᠠᠭᠤᠯᠢ ᠶᠢᠨ ᠰᠤᠷᠭᠠᠭᠴᠢ ᠳ᠋ᠧᠩ ᠷᠦ᠋ ᠰᠢᠶᠠᠩ᠄ ︽ᠣᠶᠢᠷ᠎ᠠ ᠳᠤ ᠡᠨᠡ ᠬᠦ ᠲᠤᠬᠠᠶᠢᠯᠠᠭᠰᠠᠨ ᠠᠵᠢᠯ ᠢ ᠵᠢᠩᠬᠢᠨᠢ ᠪᠠᠷ ᠡᠬᠢᠯᠡᠭᠦᠯᠦᠭᠰᠡᠨ ᠪᠠᠶᠢᠨ᠎ᠠ᠃ ᠤᠷᠢᠳᠴᠢᠯᠠᠨ ᠪᠣᠯᠵᠣᠵᠤ ᠨᠡᠷ᠎ᠡ ᠮᠡᠳᠡᠭᠦᠯᠬᠦ ᠪᠠᠷ ᠳᠡᠮᠵᠢᠨ ᠪᠣᠯᠪᠠᠰᠤᠷᠠᠯ ᠢ ᠲᠣᠬᠢᠷᠠᠭᠤᠯᠵᠤ᠂ ᠤᠳᠠᠭ᠎ᠠ ᠪᠦᠷᠢ ᠶᠢᠨ ᠪᠣᠯᠪᠠᠰᠤᠷᠠᠯ ᠨᠢ ᠬᠠᠭᠠᠰ ᠰᠠᠷ᠎ᠠ ᠦᠷᠭᠦᠯᠵᠢᠯᠡᠨ᠎ᠡ᠂ ᠳᠠᠷᠠᠭ᠎ᠠ ᠨᠢ ᠨᠢᠭᠡᠳᠦᠯᠲᠡᠢ ᠲᠡᠷᠭᠡ ᠲᠤᠬᠢᠷᠠᠭᠤᠯᠤᠨ ᠡᠵᠡᠨ᠎ᠡ ᠬᠤᠰᠢᠭᠤᠨ ᠤ ᠠᠨ ᠨᠥᠸᠧ ᠵᠢᠯᠣᠭᠤᠴᠢ ᠶᠢᠨ ᠰᠤᠷᠭᠠᠭᠤᠯᠢ ᠳᠤ ᠬᠦᠷᠴᠦ ᠰᠢᠯᠭᠠᠯᠲᠠ ᠬᠢᠯᠭᠡᠨ᠎ᠡ᠃ ᠡᠶᠢᠮᠦ ᠪᠣᠯᠪᠠᠰᠤᠷᠠᠯ ᠤᠨ ᠠᠷᠭ᠎ᠠ ᠪᠠᠷ ᠳᠠᠮᠵᠢᠭᠤᠯᠤᠨ ᠨᠡᠩ ᠣᠯᠠᠨ ᠭᠡᠷ ᠪᠦᠯᠢ ᠶᠢᠨ ᠬᠢᠨ ᠪᠠ ᠪᠣᠯᠪᠠᠰᠤᠷᠠᠯ ᠭᠥᠷᠳᠡᠬᠦ ᠴᠢᠬᠤᠯᠠᠲᠠᠢ ᠬᠥᠮᠥᠰ ᠲᠤ ᠳᠥᠭᠦᠮ ᠦᠢᠯᠡᠴᠢᠯᠡᠭᠡ ᠶᠢ ᠬᠠᠩᠭᠠᠨ᠎ᠠ︾ ᠭᠡᠪᠡ᠃      ᠣᠶᠢᠯᠠᠭᠠᠭᠰᠠᠨ ᠢᠶᠠᠷ᠂ ᠲᠡᠷᠭᠡ ᠰᠤᠷᠬᠤ ᠳᠤ ᠬᠦᠴᠢᠷᠲᠡᠢ᠂ ᠵᠢᠯᠣᠭᠤᠴᠢ ᠶᠢᠨ ᠦᠨᠡᠮᠯᠡᠯ ᠰᠢᠯᠭᠠᠬᠤ ᠳᠤ ᠬᠦᠴᠢᠷᠲᠡᠢ ᠪᠠᠶᠢᠬᠤ ᠠᠰᠠᠭᠤᠳᠠᠯ ᠨᠢ ᠰᠠᠭᠤᠷᠢᠨ ᠭᠠᠵᠠᠷ ᠤᠨ ᠭᠡᠷ ᠪᠦᠯᠢ ᠶᠢᠨ ᠬᠢᠨ ᠢ ᠣᠷᠳᠣ ᠬᠤᠭᠤᠴᠠᠭ᠎ᠠ ᠪᠠᠷ ᠭᠠᠴᠢᠭᠳᠠᠭᠤᠯᠤᠭᠰᠠᠭᠠᠷ ᠢᠷᠡᠵᠡᠶ᠃ ᠦᠢᠯᠡᠴᠢᠯᠡᠭᠡᠨ ᠤ ᠰᠠᠭᠤᠷᠢᠨ ᠭᠠᠵᠠᠷ ᠤᠨ ᠭᠡᠷ ᠪᠦᠯᠢ ᠶᠢᠨ ᠬᠢᠨ ᠤ             ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠶᠢᠨ ᠲᠤᠰᠠᠲᠠ᠂ ᠡᠵᠡᠨ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠭᠠᠷ ᠤᠨ ᠠᠶᠠᠯᠠᠯ ᠤᠨ ᠠᠭᠠᠷ ᠤᠨ ᠰᠡᠷᠭᠡᠶᠢᠯᠡᠯᠲᠡ ᠶᠢᠨ ᠫᠤᠤᠳᠠᠯᠭ᠎ᠠ ᠶᠢᠨ ᠲᠠᠯᠠᠪᠠᠶ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠲᠤ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠡᠵᠡᠨ᠎ᠡ ᠬᠤᠰᠢᠭᠤᠨ ᠤ ᠠᠨ ᠨᠥᠸᠧ ᠵᠢᠯᠣᠭᠤᠴᠢ ᠶᠢᠨ ᠰᠤᠷᠭᠠᠭᠤᠯᠢ ᠶᠢᠨ ᠡᠵᠡᠨ᠎ᠡ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠡᠮᠴᠢ᠂ ᠰᠤᠷᠭᠠᠭᠴᠢ᠂ ᠪᠣᠯᠪᠠᠰᠤᠷᠠᠯ ᠤᠨ ᠲᠡᠷᠭᠡ ᠲᠣᠮᠢᠯᠠᠨ ᠰᠠᠭᠤᠯᠭᠠᠵᠤ᠂ ᠠᠭᠠᠷ ᠤᠨ ᠴᠡᠷᠢᠭ ᠤᠨ ᠨᠢᠭᠡᠨ ᠰᠠᠭᠤᠷᠢᠨ ᠭᠠᠵᠠᠷ ᠲᠤ ᠣᠴᠢᠭᠤᠯᠤᠨ ᠭᠡᠷ ᠪᠦᠯᠢ ᠶᠢᠨ  ᠬᠢᠨ ᠳᠤ ᠵᠢᠯᠣᠭᠤᠴᠢ ᠶᠢᠨ ᠦᠨᠡᠮᠯᠡᠯ ᠤᠨ ᠰᠢᠯᠭᠠᠯᠲᠠ ᠶᠢᠨ ᠪᠣᠯᠪᠠᠰᠤᠷᠠᠯ ᠤᠨ ᠠᠵᠢᠯ ᠢ ᠥᠷᠨᠢᠭᠦᠯᠪᠡ᠃      ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠭᠠᠷ ᠤᠨ ᠠᠶᠠᠯᠠᠯ ᠤᠨ ᠠᠭᠠᠷ ᠤᠨ ᠰᠡᠷᠭᠡᠶᠢᠯᠡᠯᠲᠡ ᠶᠢᠨ ᠫᠤᠤᠳᠠᠯᠭ᠎ᠠ ᠶᠢᠨ ᠲᠠᠯᠠᠪᠠᠶ ᠶᠢᠨ ᠳᠤᠲᠤᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶᠠᠨ ᠤ       ᠨᠠᠮ ᠤᠨ ᠡᠭᠦᠷ ᠤᠨ ᠳᠡᠳ᠋ ᠱᠦᠵᠢ ᠯᠢ ᠴᠢᠶᠠᠨ᠄ ︽ᠡᠨᠡ ᠵᠢᠯ ᠠᠴᠠ ᠨᠠᠰᠢ᠂ ᠲᠡᠷᠭᠡ ᠰᠤᠷᠬᠤ ᠳᠤ ᠬᠦᠴᠢᠷᠲᠡᠢ᠂ ᠰᠢᠯᠭᠠᠯᠲᠠ ᠬᠤᠯᠠ᠂ ᠴᠠᠭ ᠣᠷᠳᠣ ᠪᠠᠶᠢᠬᠤ ᠠᠰᠠᠭᠤᠳᠠᠯ ᠢ ᠦᠨᠡᠨ ᠬᠦ ᠰᠢᠢᠳᠪᠦᠷᠢᠯᠡᠬᠦ ᠶᠢᠨ ᠲᠤᠰᠠᠳᠠ᠂ ᠵᠢᠯᠣᠭᠤᠴᠢ ᠶᠢᠨ ᠰᠢᠯᠭᠠᠯᠲᠠ ᠶᠢᠨ  ᠪᠣᠯᠪᠠᠰᠤᠷᠠᠯ ᠤᠨ ᠲᠤᠬᠠᠶᠢᠯᠠᠭᠰᠠᠨ ᠠᠵᠢᠯ ᠢ ᠬᠠᠮᠲᠤ ᠪᠠᠷ ᠥᠷᠨᠢᠭᠦᠯᠵᠦ᠂ ᠲᠤᠰᠬᠠᠢ ᠬᠥᠮᠥᠨ ᠬᠠᠷᠢᠭᠤᠴᠠᠨ᠂ ᠲᠤᠰᠬᠠᠢ ᠲᠡᠷᠭᠡ ᠪᠠᠷ ᠲᠤᠰᠴᠤ ᠬᠦᠷᠭᠡᠬᠦ᠂ ᠲᠤᠰᠬᠠᠢ ᠲᠠᠯᠠᠪᠤᠷ ᠤᠨ ᠰᠢᠯᠭᠠᠯᠲᠠ ᠬᠢᠵᠦ᠂ ᠳᠠᠷᠤᠭ᠎ᠠ ᠪᠠᠶᠢᠯᠳᠤᠭᠴᠢᠳ ᠲᠤ ᠳᠥᠭᠦᠮ ᠳᠥᠲᠡ ᠥᠨᠳᠥᠷ ᠪᠦᠲᠦᠮᠵᠢᠲᠡᠶ ᠲᠡᠷᠭᠡ ᠰᠤᠷᠬᠤ       ᠦᠢᠯᠡᠴᠢᠯᠡᠭᠡ ᠶᠢ ᠬᠠᠩᠭᠠᠬᠤ ᠪᠣᠯᠣᠨ᠎ᠠ᠃ ᠫᠤᠤᠳᠠᠯᠭ᠎ᠠ ᠶᠢᠨ ᠲᠠᠯᠠᠪᠠᠢ ᠶᠢᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ︽ᠴᠡᠷᠢᠭ ᠠᠷᠠᠳ ᠵᠢᠭᠠᠰᠤ ᠤᠰᠤ ᠮᠡᠲᠦ ᠨᠢᠭᠡ ᠭᠡᠷ ᠤᠨ ᠬᠥᠮᠥᠰ︾ ᠭᠡᠬᠦ ᠴᠡᠷᠢᠭ ᠢᠶᠠᠨ ᠬᠦᠷᠢᠶᠡᠯᠡᠬᠦ ᠵᠣᠷᠢᠯᠲᠠ ᠶᠢ ᠦᠷᠭᠦᠯᠵᠢᠯᠡᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠦᠨ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ︾ ᠭᠡᠪᠡ᠃      ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠵᠤ ᠬᠥᠭᠵᠢᠯᠲᠡ ᠶᠢ ᠠᠬᠢᠭᠤᠯᠤᠨ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠰᠢᠨ᠎ᠡ ᠬᠠᠭᠤᠳᠠᠰᠤ ᠶᠢ ᠪᠢᠴᠢᠭᠯᠡᠨ᠎ᠡ᠃  ᠮᠠᠨ ᠤ ᠬᠤᠰᠢᠭᠤ ︽ᠴᠡᠷᠢᠭ ᠠᠷᠠᠳ ᠵᠢᠭᠠᠰᠤ ᠤᠰᠤ ᠮᠡᠲᠦ ᠨᠢᠭᠡ ᠭᠡᠷ ᠤᠨ ᠬᠥᠮᠥᠨ︾ ᠢᠶᠠᠷ ᠴᠡᠷᠢᠭ ᠢᠶᠠᠨ ᠬᠦᠷᠢᠶᠡᠯᠡᠬᠦ ᠵᠣᠷᠢᠯᠲᠠ ᠪᠠᠨ ᠪᠣᠯᠭᠠᠵᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠲᠤᠬᠠᠶᠢᠯᠠᠭᠰᠠᠨ ᠠᠵᠢᠯ ᠢ ᠵᠢᠷᠤᠮᠵᠢᠭᠤᠯᠬᠤ ᠠᠬᠢᠴᠠ ᠶᠢ ᠦᠷᠭᠦᠯᠵᠢᠯᠡᠨ ᠠᠬᠢᠭᠤᠯᠵᠤ᠂ ᠲᠤᠬᠠᠶᠢᠯᠠᠭᠰᠠᠨ ᠠᠵᠢᠯ ᠨᠢᠭᠡᠪᠦᠷᠢ ᠶᠢ ᠬᠢᠨᠠᠮᠠᠭᠠᠢ ᠰᠠᠶᠢᠲᠤᠷ ᠡᠷᠬᠢᠯᠡᠨ᠂ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠠᠨ ᠲᠠᠰᠤᠷᠠᠯᠲᠠ ᠦᠭᠡᠢ ᠦᠷᠭᠡᠳᠭᠡᠵᠦ᠂ ᠠᠷᠠᠳ ᠤᠨ ᠲᠥᠯᠥᠭᠡ ᠦᠢᠯᠡᠴᠢᠯᠡᠬᠦ ᠦᠢᠯᠡᠴᠢᠯᠡᠭᠡᠨ ᠤ ᠶᠠᠰᠤ ᠴᠢᠨᠠᠷ ᠢᠶᠠᠨ ᠴᠢᠷᠮᠠᠶᠢᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ 
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号