ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠳᠤᠯᠤᠳᠤᠭᠠᠷ | ᠤᠳᠠᠭᠠᠨ ᠤ ᠪᠦᠭᠦᠳᠡ ᠬᠤᠷᠠᠯ ᠵᠢᠴᠢ ᠪᠦᠬᠦ ᠤᠷᠤᠨ ᠤ ᠠᠵᠤ ᠠᠬᠤᠢ ᠶᠢᠨ ᠠᠵᠢᠯ ᠤᠨ ᠬᠤᠷᠠᠯ ᠤᠨ | ᠵᠤᠷᠢᠭ ᠰᠠᠨᠠᠭ᠎ᠠ ᠶᠢ ᠲᠤᠤᠱᠯᠠᠭᠤᠯᠵᠤ᠂ ︽ᠵᠢᠷᠭᠤᠭᠠᠨ ᠢᠨᠵᠧᠨᠧᠷᠢᠩ︾ ᠤᠨ ᠳᠤᠯᠠᠭᠠᠯᠠᠭ᠎ᠠ ᠶᠢᠨ | ᠢᠨᠵᠧᠨᠧᠷᠢᠩ ᠢ ᠪᠦᠬᠦ ᠬᠦᠴᠦᠨ ᠢᠶᠠᠷ ᠲᠦᠯᠬᠢᠨ ᠠᠬᠢᠭᠤᠯᠬᠤ ᠶᠢᠨ ᠲᠦᠯᠦᠭᠡ᠂ ᠦᠪᠡᠷᠲᠡᠭᠡᠨ | ᠵᠠᠰᠠᠬᠤ ᠤᠷᠤᠨ ᠤ ᠲᠤᠷᠠᠳᠤᠭᠰᠠᠨ ︽ᠳᠤᠯᠠᠭᠠᠯᠠᠭ᠎ᠠ ᠵᠤᠭᠰᠤᠭᠠᠪᠠᠯ ᠠᠵᠢᠯ ᠡᠬᠢᠯᠡᠨ᠎ᠡ︾ ︽ᠬᠠᠶᠢᠯᠵᠤ | ᠡᠬᠢᠯᠡᠪᠡᠯ ᠠᠵᠢᠯ ᠡᠬᠢᠯᠡᠨ᠎ᠡ︾ ᠱᠠᠭᠠᠷᠳᠠᠯᠭ᠎ᠠ ᠶᠤᠰᠤᠭᠠᠷ᠂ ᠡᠵᠡᠨ᠎ᠡ ᠬᠤᠰᠢᠭᠤᠨ ᠤ | ᠳᠤᠯᠠᠭᠠᠯᠠᠭ᠎ᠠ ᠶᠢᠨ ᠢᠨᠵᠧᠨᠧᠷᠢᠩ ᠤᠨ ᠡᠯ᠎ᠡ ᠲᠦᠷᠦᠯ ᠤᠨ ᠠᠵᠢᠯ ᠢ ᠨᠢᠭᠡᠨᠲᠡ ᠪᠦᠬᠦ | ᠲᠠᠯ᠎ᠠ ᠪᠠᠷ ᠡᠬᠢᠯᠡᠭᠦᠯᠪᠡ᠃ ᠡᠵᠡᠨ᠎ᠡ ᠬᠤᠰᠢᠭᠤᠨ ᠤ ᠳᠤᠯᠠᠭᠠᠯᠠᠭ᠎ᠠ ᠶᠢᠨ ᠢᠨᠵᠧᠨᠧᠷᠢᠩ ᠳᠤ ᠭᠤᠤᠯᠳᠠᠭᠤ ᠢᠯᠴᠢ ᠶᠢᠨ ᠢᠷᠡᠯᠲᠡ᠂ | ᠬᠤᠭᠤᠯᠠᠶ ᠶᠢᠨ ᠲᠣᠤᠷ ᠢ ᠵᠠᠰᠠᠨ ᠥᠭᠡᠷᠡᠴᠢᠯᠡᠬᠦ᠂ ᠢᠯᠴᠢ ᠰᠣᠯᠢᠯᠴᠠᠬᠤ ᠥᠷᠲᠡᠭᠡ ᠶᠢ ᠲᠠᠰ ᠳᠡᠪᠰᠢᠭᠦᠯᠬᠦ᠂ | ᠦᠢᠯᠡᠴᠢᠯᠡᠭᠡᠨ ᠤ ᠪᠠᠲᠤᠯᠠᠭ᠎ᠠ ᠶᠢ ᠳᠡᠭᠡᠭᠰᠢᠯᠡᠭᠦᠯᠬᠦ ᠵᠡᠷᠭᠡ ᠳᠥᠷᠪᠡᠨ ᠲᠠᠯ᠎ᠠ ᠶᠢ ᠪᠠᠭᠲᠠᠭᠠᠵᠤ᠂ | ᠨᠡᠶᠢᠲᠡ 6134.02 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠣᠳᠣᠬᠠᠨ ᠳᠤ᠂ | ᠢᠯᠴᠢ ᠶᠢᠨ ᠢᠷᠡᠯᠲᠡ ᠶᠢ ᠥᠷᠭᠡᠳᠬᠡᠨ ᠪᠠᠭᠲᠠᠭᠠᠮᠵᠢ ᠶᠢ ᠨᠡᠮᠡᠭᠳᠡᠭᠦᠯᠬᠦ ᠢᠨᠵᠧᠨᠧᠷᠢᠩ ᠢ ᠨᠢᠭᠡᠨᠲᠡ ᠪᠥᠬᠦ | ᠲᠠᠯ᠎ᠠ ᠪᠠᠷ ᠡᠬᠢᠯᠡᠭᠦᠯᠵᠦ᠂ ᠲᠥᠬᠦᠭᠡᠷᠦᠮᠵᠢ ᠶᠢ ᠰᠢᠨᠡᠳᠬᠡᠬᠦ ᠪᠠ ᠤᠭᠰᠠᠷᠠᠵᠤ ᠲᠣᠬᠢᠷᠠᠭᠤᠯᠤᠯᠲᠠ | ᠬᠢᠵᠦ ᠪᠠᠶᠢᠨ᠎ᠠ᠃ | ᠢᠯᠴᠢ ᠬᠠᠩᠭᠠᠬᠤ ᠬᠠᠭᠤᠴᠢᠨ ᠬᠤᠭᠤᠯᠠᠶ ᠶᠢᠨ ᠲᠣᠤᠷ ᠢ ᠰᠢᠨᠡᠳᠬᠡᠨ ᠥᠭᠡᠷᠡᠴᠢᠯᠡᠬᠦ ᠢᠨᠵᠧᠨᠧᠷᠢᠩ ᠤᠨ ᠨᠢᠭᠡᠳᠦᠭᠡᠷ | ᠬᠤᠭᠤᠴᠠᠭ᠎ᠠ ᠨᠢ ᠭᠤᠤᠯᠳᠠᠭᠤ ᠬᠠᠭᠤᠴᠢᠨ ᠵᠢᠵᠢᠭ ᠰᠠᠭᠤᠭᠠᠯᠢ ᠠᠷᠠᠳ ᠤᠨ ᠲᠣᠭᠤᠷᠢᠭ ᠤᠨ ᠳᠣᠲᠣᠭᠠᠳᠤ ᠶᠢᠨ ᠬᠤᠭᠤᠯᠠᠶ ᠶᠢᠨ | ᠲᠣᠤᠷ ᠪᠠ ᠵᠢᠯ ᠬᠤᠭᠤᠴᠠᠭ᠎ᠠ ᠠᠴᠠ ᠬᠡᠲᠦᠷᠡᠨ ᠭᠤᠭᠤᠵᠢᠭᠳᠠᠵᠤ ᠬᠤᠬᠢᠷᠠᠭᠰᠠᠨ ᠲᠤᠤᠷ ᠤᠨ ᠬᠤᠶᠠᠳᠠᠬᠢ ᠤᠳᠠᠭᠠᠨ ᠤ | ᠥᠭᠡᠷᠡᠴᠢᠯᠡᠯᠲᠡ ᠳᠤ ᠬᠤᠯᠪᠣᠭᠳᠠᠵᠤ᠂ ᠣᠳᠣᠬᠠᠨ ᠳᠤ ᠨᠢᠭᠡᠨᠲᠡ ᠳᠠᠭᠠᠭᠠᠴᠢᠯᠠᠯᠲᠠ | ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢᠨ ᠡᠬᠢᠨ ᠤ ᠬᠤᠭᠤᠴᠠᠭᠠᠨ ᠤ ᠠᠵᠢᠯ ᠳᠤ ᠤᠷᠤᠭᠰᠠᠨ ᠪᠠᠶᠢᠨ᠎ᠠ᠃ | ᠰᠠᠭᠤᠭᠠᠯᠢ ᠠᠷᠠᠳ ᠤᠨ ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠠᠰᠠᠭᠤᠳᠠᠯ ᠢ ᠵᠢᠭᠰᠠᠭᠠᠨ ᠪᠠᠶᠢᠴᠠᠭᠠᠵᠤ | ᠰᠤᠷᠪᠤᠯᠵᠢᠯᠠᠬᠤ ᠠᠵᠢᠯ ᠢ ᠥᠷᠨᠢᠭᠦᠯᠵᠦ᠂ ᠣᠲᠣ ᠨᠢᠭᠡᠨᠲᠡ 61 ᠵᠦᠢᠯ ᠤᠨ ᠠᠰᠠᠭᠤᠳᠠᠯ ᠢ | ᠵᠢᠭᠰᠠᠭᠠᠨ ᠪᠠᠶᠢᠴᠠᠭᠠᠭᠰᠠᠨ ᠪᠥᠭᠡᠳ ᠢᠵᠢ ᠪᠥᠷᠢᠳᠦᠭᠦᠯᠬᠦ ᠬᠢᠨᠠᠯᠲᠠ ᠬᠠᠮᠢᠶᠠᠷᠤᠯᠲᠠ ᠶᠢᠨ ᠠᠷᠭ᠎ᠠ ᠶᠢᠨ | ᠴᠤᠪᠤᠷᠠᠯ ᠳᠤ ᠴᠢᠭᠯᠡᠭᠦᠯᠦᠨ ᠡᠮᠬᠢᠯᠡᠨ ᠲᠡᠭᠦᠯᠳᠡᠷᠵᠢᠭᠦᠯᠵᠦ᠂ ᠵᠠᠭᠠᠯᠳᠤᠯᠭ᠎ᠠ ᠢᠯᠡᠴᠢᠯᠡᠨ | ᠮᠡᠳᠡᠭᠦᠯᠭᠡ ᠶᠢ ᠰᠢᠢᠳᠪᠦᠷᠢᠯᠡᠵᠤ ᠲᠣᠭᠲᠠᠴᠠ ᠶᠢ ᠭᠤᠤᠯᠳᠠᠯᠭ᠎ᠠ ᠲᠠᠢ ᠥᠷᠭᠡᠳᠬᠡᠨ ᠳᠡᠭᠡᠭᠰᠢᠯᠡᠭᠦᠯᠵᠦ᠂ | ᠰᠠᠨᠠᠭᠠᠴᠢᠯᠠᠭ᠎ᠠ ᠠᠴᠠ ᠪᠠᠨ ᠦᠢᠯᠡᠴᠢᠯᠡᠵᠦ᠂ ᠦᠢᠯᠡᠴᠢᠯᠡᠭᠡ ᠶᠢ ᠤᠷᠲᠤᠳᠬᠠᠪᠠ᠃ | |