ᠡᠵᠡᠨ᠎ᠡ ᠬᠤᠰᠢᠭᠤᠨ ᠤ ᠳ᠋ᠦᠩᠹᠧᠩ ᠰᠠᠨᠰᠠᠷ ᠤᠨ ᠠᠶᠠᠯᠠᠯ ᠤᠨ ᠬᠤᠲᠠ ᠶᠢᠨ ᠰᠢᠨ᠎ᠡ ᠡᠨᠧᠷᠭᠢ ᠶᠢᠨ ᠴᠠᠬᠢᠯᠭᠠᠨ ᠴᠡᠨᠡᠭᠯᠡᠬᠦ ᠥᠷᠲᠡᠭᠡ ᠶᠢ ᠠᠰᠢᠭᠯᠠᠯᠲᠠ ᠳᠤ ᠣᠷᠣᠭᠤᠯᠪᠠ
ᠨᠡᠶᠢᠲᠡᠯᠡᠭᠰᠡᠨ ᠴᠠᠭ᠄
2024/4/19
      ᠳ᠋ᠥᠩᠹᠧᠩ ᠰᠠᠨᠰᠠᠷ ᠤᠨ ᠬᠤᠲᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠡᠨᠡ ᠵᠢᠯ ᠤᠨ ᠡᠬᠢ ᠪᠠᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳ᠋ᠥᠩᠹᠧᠩ ᠰᠠᠨᠰᠠᠷ ᠤᠨ ᠬᠤᠲᠠ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠲᠤ 48 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠳ᠋ᠥᠩᠹᠧᠩ ᠰᠠᠨᠰᠠᠷ ᠤᠨ ᠬᠤᠲᠠ ᠶᠢᠨ ᠪᠡᠶ᠎ᠡ ᠶᠢᠨ ᠲᠠᠮᠢᠷ ᠤᠨ ᠣᠷᠳᠣᠨ ᠤ ᠣᠯᠠᠨ ᠨᠡᠶᠢᠲᠡ ᠶᠢᠨ ᠲᠡᠷᠭᠡᠨ ᠵᠣᠭᠰᠣᠭᠠᠯ ᠳᠤ 120 ᠺᠢᠯᠣᠸᠠᠲ ᠤᠨ ᠬᠤᠤᠰ ᠫᠤᠤ ᠶᠢᠨ ᠲᠦᠷᠭᠡᠨ ᠴᠡᠨᠡᠭᠯᠡᠬᠦ ᠴᠠᠬᠢᠯᠭᠠᠨ ᠥᠷᠲᠡᠭᠡ ᠶᠢ ᠰᠢᠨ᠎ᠡ ᠪᠠᠷ ᠨᠢᠭᠡ ᠶᠢ ᠪᠠᠶᠢᠭᠤᠯᠪᠠ᠃ 4 ᠳ᠋ᠦ᠋ᠭᠡᠷ ᠰᠠᠷ᠎ᠠ ᠶᠢᠨ 15᠎ ᠤ ᠡᠳᠦᠷ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠲᠣᠰ ᠥᠷᠲᠡᠭᠡ ᠳᠤ 2 ᠴᠠᠬᠢᠯᠭᠠᠨ ᠴᠡᠨᠡᠭᠯᠡᠬᠦ ᠪᠠᠭᠠᠨ᠎ᠠ ᠪᠠᠢᠵᠤ᠂ ᠲᠤᠷᠰᠢᠨ ᠡᠵᠡᠩᠨᠡᠬᠦ ᠬᠤᠭᠤᠴᠠᠭᠠᠨ ᠳᠤ ᠰᠦᠢᠳᠬᠡᠯ ᠬᠤᠷᠢᠶᠠᠬᠤ ᠪᠠᠷᠢᠮᠵᠢᠶ᠎ᠠ ᠨᠢ ᠭᠷᠠᠳᠦ᠋ᠰ ᠪᠦᠷᠢ ᠳᠡᠭᠡᠨ 1.2 ᠲᠥᠭᠦᠷᠢᠭ ᠪᠣᠯᠤᠨ᠎ᠠ᠃ ᠠᠯᠠᠱᠠ ᠠᠶᠢᠮᠠᠭ ᠤᠨ ᠫᠠᠶᠢᠰᠠ ᠲᠠᠢ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠴᠡᠷᠢᠭ ᠤᠨ ᠬᠡᠷ ᠪᠦᠯᠢ ᠲᠡᠷᠭᠡ ᠵᠢᠯᠣᠭᠤᠳᠬᠤ ᠬᠠᠮᠢᠶᠠᠷᠤᠯᠲᠠ ᠶᠢᠨ ᠬᠠᠷᠠᠭᠠᠯᠵᠠᠯ ᠤᠨ ᠲᠥᠷᠥ ᠶᠢᠨ         ᠪᠣᠳᠣᠯᠭ᠎ᠠ ︵ᠰᠦᠢᠳᠬᠡᠯ ᠬᠤᠷᠢᠶᠠᠬᠤ ᠥᠬᠡᠶ ᠪᠠᠷ ᠴᠡᠨᠡᠭᠯᠡᠬᠦ︶᠎ ᠶᠢ ᠭᠥᠷᠳᠡᠵᠦ ᠪᠣᠯᠤᠨ᠎ᠠ᠂ ᠬᠥᠳᠡᠯᠭᠡᠭᠡᠨ ᠤ ᠬᠤᠭᠤᠴᠠᠭ᠎ᠠ ᠨᠢ 2024 ᠣᠨ ᠤ 4 ᠰᠠᠷ᠎ᠠ ᠶᠢᠨ 15᠎ ᠤ ᠡᠳᠦᠷ ᠠᠴᠠ 2024 ᠣᠨ ᠤ 12 ᠰᠠᠷ᠎ᠠ ᠶᠢᠨ 31᠎ ᠤ ᠡᠳᠦᠷ ᠪᠣᠯᠲᠠᠯ᠎ᠠ᠃ 
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号