ᠮᠠᠨ ᠤ ᠬᠤᠰᠢᠭᠤ ︽ᠳᠤᠯᠠᠭᠠᠯᠠᠭ᠎ᠠ ᠶᠢᠨ ᠢᠨᠵᠧᠨᠧᠷᠢᠩ︾᠎ ᠢᠶᠠᠨ ᠪᠥᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2024/4/22
      4 ᠰᠠᠷ᠎ᠠ ᠶᠢᠨ 15᠎ ᠤ ᠡᠳᠦᠷ᠂ 2023 ︱ 2024 ᠣᠨ ᠤ ᠳᠤᠯᠠᠭᠠᠯᠠᠭ᠎ᠠ ᠶᠢᠨ ᠤᠯᠠᠷᠢᠯ ᠵᠢᠩᠬᠢᠨᠢ ᠪᠠᠷ ᠥᠨᠳᠥᠷᠯᠡᠬᠦ ᠶᠢ ᠳᠠᠭᠠᠯᠳᠤᠨ᠂ ᠮᠠᠨ ᠤ ᠬᠤᠰᠢᠭᠤᠨ ᠤ 2024 ᠣᠨ ᠤ ︽ᠳᠤᠯᠠᠭᠠᠯᠠᠭ᠎ᠠ ᠶᠢᠨ ᠢᠨᠵᠧᠨᠧᠷᠢᠩ︾᠎ ᠤᠨ ᠲᠥᠷᠥᠯ ᠵᠦᠢᠯ ᠨᠢ ︽ᠳᠤᠯᠠᠭᠠᠯᠠᠭ᠎ᠠ ᠵᠤᠭᠰᠤᠮᠠᠭᠴᠠ ᠠᠵᠢᠯ ᠢᠶᠠᠨ ᠡᠬᠢᠯᠡᠭᠦᠯᠬᠦ︾ ᠠᠵᠢᠯ ᠤᠨ ᠱᠠᠭᠠᠷᠳᠠᠯᠭ᠎ᠠ ᠶᠣᠰᠣᠭᠠᠷ᠂ ᠰᠠᠭᠤᠭᠠᠯᠢ ᠠᠷᠠᠳ ᠤᠨ ᠡᠪᠤᠯ ᠳᠡᠭᠡᠨ ᠳᠤᠯᠠᠭᠠᠨ ᠪᠦᠯᠢᠶᠡᠨ ᠡᠪᠦᠯᠵᠢᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠪᠣᠯᠣᠨ᠎ᠠ᠃      ︽ᠳᠤᠯᠠᠭᠠᠯᠠᠭ᠎ᠠ ᠶᠢᠨ ᠢᠨᠵᠧᠨᠧᠷᠢᠩ︾᠎ ᠎ ᠤᠨ ᠲᠥᠷᠥᠯ ᠵᠦᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠬᠤ ᠶᠢᠨ ᠲᠤᠰᠠᠲᠠ᠂ ᠮᠠᠨ ᠤ ᠬᠤᠰᠢᠭᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠡᠵᠡᠨ᠎ᠡ ᠬᠤᠰᠢᠭᠤᠨ ᠤ ᠬᠤᠲᠠ ᠪᠠᠯᠭᠠᠰᠤᠨ ᠤ ᠳᠤᠯᠠᠭᠠᠯᠠᠭ᠎ᠠ ᠶᠢᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ︾᠎ ᠢ ᠲᠣᠭᠲᠠᠭᠠᠪᠠ᠃ ᠲᠥᠰᠥᠯ ᠳᠤ ᠲᠣᠳᠣᠷᠬᠠᠢ ᠲᠣᠭᠲᠠᠭᠠᠭᠰᠠᠨ ᠨᠢ᠂ ᠡᠨᠡ ᠵᠢᠯ ᠤᠨ ᠮᠠᠨ ᠤ ᠬᠤᠰᠢᠭᠤᠨ ᠤ          ︽ᠳᠤᠯᠠᠭᠠᠯᠠᠭ᠎ᠠ ᠶᠢᠨ ᠢᠨᠵᠧᠨᠧᠷᠢᠩ︾ ᠎ ᠤᠨ ᠵᠦᠢᠯᠡᠰ ᠨᠢ ᠥᠭᠡᠷᠡᠴᠢᠯᠡᠬᠦ ᠪᠠ ᠰᠢᠨ᠎ᠡ ᠪᠠᠷ ᠪᠠᠶᠢᠭᠤᠯᠬᠤ ᠵᠦᠢᠯᠡᠰ ᠢ ᠪᠠᠭᠲᠠᠭᠠᠭᠰᠠᠨ 3 ᠵᠦᠢᠯ ᠪᠠᠶᠢᠵᠤ᠂ 6134.02 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃ ᠢᠯᠴᠢ ᠬᠠᠩᠭᠠᠬᠤ ᠬᠤᠶᠠᠳᠤᠭᠠᠷ ᠳᠡᠰ ᠤᠨ ᠬᠤᠭᠤᠯᠠᠢ ᠶᠢᠨ ᠲᠣᠣᠷ ᠢ 12601 ᠮᠧᠲᠷ   ᠥᠭᠡᠷᠡᠴᠢᠯᠡᠵᠦ᠂ 2875 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠢᠯᠴᠢ ᠰᠣᠯᠢᠯᠴᠠᠬᠤ ᠥᠷᠲᠡᠭᠡ ᠶᠢ ᠰᠢᠨ᠎ᠡ ᠪᠠᠷ 1 ᠨᠡᠮᠡᠭᠳᠡᠭᠦᠯᠵᠦ᠂ 160 ᠲᠦᠮᠡᠨ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠃ ᠡᠭᠦᠨ ᠳᠤ᠂ ᠢᠯᠴᠢ ᠶᠢᠨ ᠡᠬᠢ ᠰᠤᠷᠪᠤᠯᠵᠢ ᠶᠢᠨ ᠥᠭᠡᠷᠡᠴᠢᠯᠡᠯᠲᠡ ᠶᠢᠨ ᠲᠥᠷᠥᠯ ᠵᠦᠢᠯ ᠳᠤ 29MW ︵ᠮᠧᠭ᠎ᠠ ᠸᠠᠲ︶ ᠬᠠᠯᠠᠭᠤᠨ ᠤᠰᠤᠨ ᠤ ᠭᠦᠸᠧᠯᠦ ᠶᠢᠨ ᠢᠯᠴᠢ ᠬᠠᠩᠭᠠᠬᠤ ᠢᠯᠴᠢ ᠶᠢᠨ ᠡᠬᠢ ᠰᠤᠷᠪᠤᠯᠵᠢ ᠶᠢ ᠰᠢᠨ᠎ᠡ ᠪᠠᠷ ᠪᠠᠶᠢᠭᠤᠯᠬᠤ ᠪᠣᠯᠣᠨ᠎ᠠ᠃ ᠡᠨᠡ ᠬᠦ ᠠᠷᠭ᠎ᠠ ᠬᠡᠮᠵᠢᠶ᠎ᠡ ᠨᠢ ᠢᠯᠴᠢ ᠬᠠᠩᠭᠠᠬᠤ ᠦᠷ᠎ᠡ ᠪᠦᠲᠦᠮᠵᠢ ᠶᠢ ᠲᠤᠶᠢᠯ ᠤᠨ ᠶᠡᠭᠡ ᠪᠠᠷ ᠨᠡᠮᠡᠭᠳᠡᠭᠦᠯᠬᠦ ᠪᠠᠷ ᠪᠠᠷᠠᠬᠤ ᠦᠭᠡᠢ ᠪᠠᠰᠠ ᠣᠶᠤᠨᠴᠢᠯᠠᠭᠰᠠᠨ ᠡᠨᠧᠷᠭᠢ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠭᠤᠭᠠᠯᠢ ᠠᠷᠠᠳ ᠲᠤ ᠨᠠᠩ ᠲᠣᠭᠲᠠᠪᠤᠷᠢᠲᠠᠢ᠂ ᠨᠠᠩ ᠥᠨᠳᠥᠷ ᠪᠦᠲᠦᠮᠵᠢᠲᠡᠶ ᠢᠯᠴᠢ ᠬᠠᠩᠭᠠᠬᠤ ᠦᠢᠯᠡᠴᠢᠯᠡᠭᠡ ᠶᠢ ᠡᠳ᠋ᠯᠡᠭᠦᠯᠬᠦ ᠪᠣᠯᠣᠨ᠎ᠠ᠃ ᠣᠲᠣ ᠪᠣᠯᠲᠠᠯ᠎ᠠ᠂ ᠢᠯᠴᠢ ᠶᠢᠨ ᠰᠤᠷᠪᠤᠯᠵᠢ ᠶᠢᠨ ᠥᠭᠡᠷᠡᠴᠢᠯᠡᠯᠲᠡ ᠶᠢᠨ ᠲᠥᠷᠥᠯ ᠵᠦᠢᠯ ᠨᠢ ᠨᠢᠭᠡᠨᠲᠡ ᠲᠥᠬᠦᠭᠡᠷᠦᠮᠵᠢ ᠤᠭᠰᠠᠷᠠᠵᠤ ᠲᠤᠷᠰᠢᠨ ᠲᠣᠬᠢᠷᠠᠭᠤᠯᠬᠤ ᠱᠠᠲᠤᠨ ᠳᠤ ᠣᠷᠣᠭᠰᠠᠨ ᠪᠠᠶᠢᠨ᠎ᠠ᠃      ᠬᠤᠰᠢᠭᠤᠨ ᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠪᠠ ᠬᠡᠷᠡᠭᠴᠡᠭᠡ ᠶᠢ ᠦᠨᠳᠦᠰᠦᠯᠡᠨ᠂ ᠰᠢᠨ᠎ᠡ ᠪᠠᠷ ᠪᠠᠶᠢᠭᠤᠯᠤᠭᠰᠠᠨ ᠢᠯᠴᠢ ᠰᠣᠯᠢᠯᠴᠠᠬᠤ ᠥᠷᠲᠡᠭᠡ ᠶᠢᠨ ᠲᠥᠷᠥᠯ ᠵᠦᠢᠯ ᠨᠢ ᠣᠳᠣᠬᠠᠨ ᠤ ᠢᠯᠴᠢ ᠶᠢᠨ ᠬᠦᠴᠦᠨ ᠤ ᠥᠷᠲᠡᠭᠡ ᠶᠢᠨ ᠢᠯᠴᠢ ᠬᠦᠷᠭᠡᠬᠦ ᠬᠦᠴᠦᠨ ᠠᠨᠠᠢ ᠪᠠᠶᠢᠳᠠᠯ ᠢ ᠪᠦᠲᠦᠮᠵᠢᠲᠡᠶ ᠰᠢᠢᠳᠪᠦᠷᠢᠯᠡᠵᠦ᠂ ᠴᠢᠬᠤᠯᠠ ᠪᠦᠬᠦᠢ ᠲᠣᠬᠢᠷᠠᠭᠤᠯᠬᠤ ᠪᠠ ᠰᠢᠨᠡᠳᠬᠡᠬᠦ ᠦᠢᠯᠡᠳᠦᠯ ᠢᠶᠠᠷ ᠳᠠᠮᠵᠢᠨ ᠢᠯᠴᠢ ᠬᠠᠩᠭᠠᠬᠤ ᠰᠢᠰᠲ᠋ᠧᠮ ᠤᠨ ᠥᠨᠳᠥᠷ ᠪᠦᠲᠦᠮᠵᠢᠲᠡᠶ ᠠᠵᠢᠯᠯᠠᠬᠤ ᠶᠢ ᠦᠨᠡᠨ ᠬᠦ ᠪᠠᠲᠤᠯᠠᠬᠤ ᠪᠣᠯᠣᠨ᠎ᠠ᠃ ᠣᠳᠣᠬᠠᠨ ᠳᠤ᠂ ᠬᠤᠰᠢᠭᠤᠨ ᠤ ︽ᠳᠤᠯᠠᠭᠠᠯᠠᠭ᠎ᠠ ᠶᠢᠨ ᠢᠨᠵᠧᠨᠧᠷᠢᠩ︾᠎ ᠤᠨ ᠡᠯ᠎ᠡ ᠵᠦᠢᠯ ᠤᠨ ᠠᠵᠢᠯ ᠴᠥᠮ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃      ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠤᠪᠴᠢᠶ᠎ᠠ ᠶᠢᠨ ᠳᠠᠷᠤᠭ᠎ᠠ ᠹᠠᠨ ᠱᠦ ᠹᠧᠢ—— ᠠᠪᠢᠶ᠎ᠠ ᠲᠠᠭᠠᠷᠠᠭᠤᠯᠤᠨ᠎ᠠ ︵ᠬᠠᠮᠢᠶᠠᠷᠤᠯᠲᠠ ᠶᠢᠨ ᠲᠣᠣᠷ ᠤᠨ ᠥᠭᠡᠷᠡᠴᠢᠯᠡᠯᠲᠡ ᠨᠢ ᠭᠤᠣᠯᠳᠠᠭᠤ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠳᠣᠲᠣᠭᠠᠳᠤ ᠬᠠᠮᠢᠶᠠᠷᠤᠯᠲᠠ ᠶᠢᠨ ᠲᠣᠣᠷ ᠪᠣᠯᠣᠨ ᠵᠢᠯ ᠬᠤᠭᠤᠴᠠᠭ᠎ᠠ ᠠᠴᠠ ᠬᠡᠲᠦᠷᠡᠭᠡᠳ ᠭᠤᠭᠤᠵᠢᠭᠳᠠᠵᠤ ᠬᠤᠬᠢᠷᠠᠭᠰᠠᠨ ᠬᠤᠶᠠᠳᠠᠭᠢ ᠤᠳᠠᠭ᠎ᠠ ᠶᠢᠨ ᠲᠣᠣᠷ ᠤᠨ ᠥᠭᠡᠷᠡᠴᠢᠯᠡᠯᠲᠡ ᠳᠤ ᠬᠤᠯᠪᠣᠭᠳᠠᠵᠤ᠂ ᠣᠳᠣᠬᠠᠨ ᠳᠤ ᠨᠢᠭᠡᠨᠲᠡ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠡᠮᠦᠨᠡᠬᠢ ᠬᠤᠭᠤᠴᠠᠭᠠᠨ ᠤ ᠠᠵᠢᠯ ᠳᠤ ᠣᠷᠣᠵᠤ᠂ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠲᠥᠪᠯᠡᠷᠡᠭᠦᠯᠦᠨ ᠳᠤᠯᠠᠭᠠᠯᠠᠭ᠎ᠠ ᠬᠠᠩᠭᠠᠬᠤ ᠠᠰᠠᠭᠤᠳᠠᠯ ᠳᠤ ᠴᠢᠭᠯᠡᠭᠦᠯᠦᠨ ᠳᠠᠷᠠᠭᠠᠯᠠᠨ ᠪᠠᠶᠢᠴᠠᠭᠠᠵᠤ ᠰᠤᠷᠪᠤᠯᠵᠢᠯᠠᠨ᠂ 61 ᠵᠦᠢᠯ ᠤᠨ ᠠᠰᠠᠭᠤᠳᠠᠯ ᠢ ᠳᠠᠷᠠᠭᠠᠯᠠᠨ ᠪᠠᠶᠢᠴᠠᠭᠠᠵᠤ᠂ ᠪᠠᠶᠢᠴᠠᠭᠠᠪᠠᠰᠤ ᠵᠣᠬᠢᠬᠤ ᠶᠢ ᠨᠢ ᠪᠦᠷ ᠪᠠᠶᠢᠴᠠᠭᠠᠵᠤ᠂ ᠵᠠᠰᠠᠪᠠᠰᠤ ᠵᠣᠬᠢᠬᠤ ᠶᠢ ᠨᠢ ᠪᠦᠷ ᠥᠭᠡᠷᠡᠴᠢᠯᠡᠬᠦ ᠶᠢᠨ ᠬᠠᠮᠲᠤ ᠢᠵᠢ ᠪᠦᠷᠢᠳᠦᠭᠦᠯᠦᠭᠰᠡᠨ ᠬᠢᠨᠠᠨ ᠬᠠᠮᠢᠶᠠᠷᠬᠤ ᠠᠷᠭ᠎ᠠ ᠳᠤ ᠴᠢᠭᠯᠡᠭᠦᠯᠪᠡ᠃ ᠡᠮᠬᠢᠯᠡᠨ ᠲᠡᠭᠦᠯᠳᠡᠷᠵᠢᠭᠦᠯᠵᠦ᠂ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠰᠢᠢᠳᠪᠦᠷᠢᠯᠡᠬᠦ ᠲᠣᠭᠲᠠᠴᠠ ᠶᠢ ᠭᠤᠣᠯᠳᠠᠯᠭ᠎ᠠ ᠲᠠᠢ ᠥᠷᠭᠡᠳᠬᠡᠨ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ᠂ ᠤᠷᠲᠤᠳᠬᠠᠨ ᠦᠢᠯᠡᠴᠢᠯᠡᠬᠦ᠂ ᠳᠤᠯᠠᠭᠠᠯᠠᠭ᠎ᠠ ᠶᠢᠨ ᠢᠨᠵᠧᠨᠧᠷᠢᠩ ᠤᠨ ᠡᠯ᠎ᠡ ᠵᠦᠢᠯ ᠤᠨ ᠠᠵᠢᠯ ᠢ ᠨᠢᠭᠡᠨᠲᠡ ᠪᠥᠬᠦ ᠲᠠᠯ᠎ᠠ ᠪᠠᠷ ᠥᠷᠨᠢᠭᠦᠯᠪᠡ᠃ 
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号