ᠰᠠᠶᠢᠬᠠᠨᠲᠤᠤᠷᠠᠢ ᠰᠤᠮᠤ ᠨᠢ ᠨᠠᠮ ᠵᠠᠰᠠᠭ ᠴᠡᠷᠢᠭ ᠠᠵᠤ ᠠᠬᠤᠶᠢᠯᠠᠯ ᠬᠠᠮᠲᠤᠷᠠᠭᠰᠠᠨ ᠬᠢᠯᠢ ᠬᠢᠵᠠᠭᠠᠷ ᠢ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/4/23
      ᠬᠢᠯᠢ ᠶᠢᠨ ᠬᠠᠮᠢᠶᠠᠷᠤᠯᠲᠠ ᠡᠵᠡᠮᠳᠡᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠬᠢᠯᠢ ᠶᠢᠨ ᠨᠢᠭᠡᠳᠦᠭᠡᠷ ᠹᠷᠣᠨᠲ ᠤᠨ ᠠᠮᠤᠷ ᠲᠦᠪᠰᠢᠨ ᠤ ᠳᠠᠯᠳᠠ ᠭᠡᠮ ᠢ ᠠᠷᠢᠯᠭᠠᠵᠤ᠂ ᠬᠢᠯᠢ ᠬᠢᠵᠠᠭᠠᠷ ᠣᠷᠣᠨ ᠤ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠶᠢᠨ ᠲᠥᠯᠥᠭᠡ᠂ ᠣᠶᠢᠷ᠎ᠠ ᠳᠤ ᠰᠠᠶᠢᠬᠠᠨᠲᠤᠤᠷᠠᠢ ᠰᠤᠮᠤᠨ ᠤ ᠵᠡᠪᠰᠡᠭᠲᠦ ᠬᠦᠴᠦᠨ ᠤ ᠬᠡᠯᠲᠡᠰ ᠠᠴᠠ ᠬᠢᠯᠢ ᠶᠢᠨ ᠲᠣᠮᠢᠯᠠᠭᠰᠠᠨ ᠰᠠᠯᠪᠤᠷᠢ ᠂ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ᠂ ᠡᠷᠦᠬᠡ ᠶᠢᠨ ᠴᠡᠷᠢᠭ ᠵᠢᠴᠢ ᠬᠠᠷᠢᠶᠠᠲᠤ ᠣᠷᠣᠨ ᠤ ᠬᠢᠯᠢ ᠶᠢᠨ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠬᠠᠮᠲᠤ ᠪᠠᠷ ᠬᠢᠯᠢ ᠶᠢᠨ ᠴᠠᠭᠳᠠᠨ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃      ᠠᠵᠢᠯᠯᠠᠭ᠎ᠠ ᠠᠴᠠ ᠡᠮᠦᠨ᠎ᠡ᠂ ᠰᠤᠮᠤᠨ ᠤ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠠᠯᠲᠠᠨᠵᠤᠯᠠ ᠡᠷᠦᠬᠡ ᠶᠢᠨ ᠴᠡᠷᠢᠭ ᠲᠤ  ᠪᠠᠶᠢᠷᠢᠯᠠᠭᠤᠯᠤᠯᠲᠠ ᠬᠢᠵᠦ᠂ ᠡᠭᠦᠷᠭᠡ ᠬᠠᠷᠢᠭᠤᠴᠠᠯᠭ᠎ᠠ᠂ ᠰᠠᠬᠢᠯᠭ᠎ᠠ ᠪᠠᠲᠤ ᠶᠢᠨ ᠱᠠᠭᠠᠷᠳᠠᠯᠭ᠎ᠠ ᠶᠢ ᠲᠣᠳᠣᠷᠬᠠᠶᠢᠯᠠᠭᠰᠠᠨ ᠪᠥᠭᠡᠳ ᠲᠤᠰ ᠤᠳᠠᠭᠠᠨ ᠤ ᠡᠭᠦᠷᠭᠡ ᠳᠤᠮᠳᠠᠬᠢ ᠡᠯ᠎ᠡ ᠲᠥᠷᠥᠯ ᠤᠨ ᠠᠮᠤᠷ ᠲᠦᠪᠰᠢᠨ ᠤ ᠠᠰᠠᠭᠤᠳᠠᠯ ᠢ ᠢᠯᠡᠷᠡᠭᠦᠯᠬᠦ᠂ ᠮᠡᠳᠡᠭᠦᠯᠬᠦ᠂ ᠰᠢᠢᠳᠪᠦᠷᠢᠯᠡᠬᠦ ᠠᠷᠭ᠎ᠠ ᠬᠡᠯᠪᠡᠷᠢ ᠶᠢ ᠨᠠᠷᠢᠨ ᠲᠠᠶᠢᠯᠪᠤᠷᠢᠯᠠᠪᠠ᠃      ᠬᠢᠯᠢ ᠶᠢᠨ ᠬᠠᠷᠢᠶ᠎ᠠ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠬᠢᠯᠢ ᠶᠢᠨ ᠱᠤᠭᠤᠮ ᠤᠨ ᠬᠠᠨᠳᠤᠰᠢ᠂ ᠭᠠᠵᠠᠷ ᠤᠨ ᠪᠠᠶᠢᠴᠠ᠂ ᠭᠤᠣᠯᠳᠠᠯᠭ᠎ᠠ ᠲᠠᠢ ᠣᠷᠣᠨ ᠪᠦᠰᠡ ᠶᠢᠨ ᠰᠡᠷᠭᠡᠶᠢᠯᠡᠯᠲᠡ ᠶᠢᠨ ᠲᠥᠭᠦᠭᠡᠷᠦᠮᠵᠢ ᠶᠢᠨ ᠪᠠᠶᠢᠳᠠᠯ ᠢ ᠲᠤᠭᠤᠷᠢᠨ ᠪᠠᠶᠢᠴᠠᠭᠠᠪᠠ ᠃      ᠳᠠᠷᠠᠭᠠᠴᠢ ᠶᠢᠨ ᠠᠯᠬᠤᠮ ᠳᠤ᠂ ᠰᠠᠶᠢᠬᠠᠨᠲᠤᠤᠷᠠᠢ ᠰᠤᠮᠤ ︽ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ︾ ᠎ ᠶᠢᠨ ᠠᠵᠢᠯ ᠤᠨ ᠣᠪᠣᠷ ᠢ ᠢᠮᠠᠭᠲᠠ ᠪᠠᠷᠢᠮᠲᠠᠯᠠᠵᠤ᠂ ᠠᠵᠢᠭᠯᠠᠭᠴᠢ᠂ ᠮᠡᠳᠡᠭᠡ ᠵᠠᠩᠭᠢᠴᠢ᠂ ᠤᠬᠠᠭᠤᠯᠤᠭᠴᠢ᠂ ᠤᠷᠢᠳᠴᠢᠯᠠᠨ ᠰᠡᠷᠡᠮᠵᠢᠯᠡᠭᠦᠯᠦᠭᠴᠢ ᠶᠢᠨ ᠡᠭᠦᠷᠭᠡ ᠴᠢᠳᠠᠪᠤᠷᠢ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠬᠢᠯᠢ ᠶᠢᠨ ᠬᠠᠮᠢᠶᠠᠷᠤᠯᠲᠠ ᠡᠵᠡᠮᠳᠡᠯ ᠤᠨ ᠠᠵᠢᠯ ᠢ ᠢᠳᠡᠪᠬᠢᠲᠡᠢ ᠰᠠᠶᠢᠲᠤᠷ ᠬᠢᠵᠦ᠂ ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ᠃ 
 
ᠢᠷᠡᠯᠲᠡ᠄ ᠰᠠᠶᠢᠬᠠᠨᠲᠤᠤᠷᠠᠢ ᠰᠤᠮᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号