ᠮᠠᠨ ᠤ ᠬᠤᠰᠢᠭᠤ ᠪᠠᠷᠠᠭᠤᠨ ᠣᠷᠣᠨ ᠤ ᠡᠯᠡᠰᠤᠨ ᠴᠦᠯ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ︵ᠬᠤᠶᠠᠳᠤᠭᠠᠷ ᠬᠤᠭᠤᠴᠠᠭ᠎ᠠ︶᠎ ᠤᠨ ᠡᠵᠡᠨ᠎ᠡ ᠭᠤᠣᠯ ᠤᠨ ᠵᠠᠯᠭᠠᠯᠳᠤᠭᠰᠠᠨ ᠣᠷᠣᠨ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/24
      4 ᠰᠠᠷ᠎ᠠ ᠶᠢᠨ 20᠎ ᠤ ᠡᠳᠤᠷ᠂ ᠮᠠᠨ ᠤ ᠬᠤᠰᠢᠭᠤ ᠪᠠᠷᠠᠭᠤᠨ ᠣᠷᠣᠨ ᠤ ᠡᠯᠡᠰᠤᠨ ᠴᠦᠯ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ︵ᠬᠤᠶᠠᠳᠤᠭᠠᠷ ᠬᠤᠭᠤᠴᠠᠭ᠎ᠠ︶᠎ ᠤᠨ ᠡᠵᠡᠨ᠎ᠡ ᠭᠤᠣᠯ ᠤᠨ ᠵᠠᠯᠭᠠᠯᠳᠤᠭᠰᠠᠨ ᠣᠷᠣᠨ ᠢ ᠠᠬᠢᠭᠤᠯᠬᠤ ᠬᠤᠷᠠᠯ ᠬᠤᠷᠠᠯᠳᠤᠵᠤ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠪᠦᠭᠡ ᠬᠤᠷᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠪᠠ᠃      ᠬᠤᠷᠠᠯ ᠠᠴᠠ ᠵᠢᠭᠠᠵᠤ ᠭᠠᠷᠭᠠᠬᠤ ᠳᠠᠭᠠᠨ᠂ ᠪᠠᠷᠠᠭᠤᠨ ᠣᠷᠣᠨ ᠤ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ︵ᠬᠤᠶᠠᠳᠤᠭᠠᠷ ᠬᠤᠭᠤᠴᠠᠭ᠎ᠠ︶᠎ ᠨᠢ ᠮᠠᠨ ᠤ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠪᠣᠯᠬᠤᠷ ᠡᠯ᠎ᠡ ᠰᠠᠯᠠᠭ᠎ᠠ ᠮᠥᠴᠢᠷ ᠵᠢᠴᠢ ᠪᠠᠷᠢᠯᠭ᠎ᠠ ᠶᠢᠨ ᠨᠢᠭᠡᠴᠡ ᠶᠢᠨ ᠬᠢᠨ ᠡᠷᠬᠡᠪᠰᠢ ᠡᠭᠦᠷᠭᠡᠲᠦ ᠰᠡᠳᠬᠢᠯᠭᠡ ᠪᠣᠯᠣᠨ ᠲᠤᠯᠭᠠᠮ᠎ᠠ ᠰᠡᠳᠬᠢᠯᠭᠡ ᠪᠠᠨ ᠲᠠᠰᠤᠷᠠᠯᠲᠠ ᠦᠭᠡᠢ ᠴᠢᠩᠭᠠᠳᠬᠠᠨ᠂ ᠪᠠᠷᠠᠭᠤᠨ ᠣᠷᠣᠨ ᠤ ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠢᠯᠪᠡᠷ ᠪᠤᠰᠤ ᠪᠠᠷ ᠣᠯᠣᠭᠰᠠᠨ ᠵᠠᠰᠠᠯᠲᠠ ᠶᠢᠨ ᠦᠷ᠎ᠡ ᠪᠦᠳᠦᠮᠵᠢ ᠪᠠᠨ ᠪᠠᠬᠢᠵᠢᠭᠦᠯᠦᠨ ᠥᠷᠭᠡᠳᠬᠡᠬᠦ ᠬᠡᠷᠡᠭᠲᠡᠢ᠃ ᠡᠷᠬᠡᠪᠰᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠶᠠᠰᠤ ᠴᠢᠨᠠᠷ ᠪᠤᠯᠤᠨ ᠠᠮᠤᠷ ᠲᠦᠪᠰᠢᠨ ᠶᠢ ᠰᠠᠶᠢᠲᠤᠷ ᠠᠳᠬᠤᠨ᠂ ᠲᠥᠷᠥᠯ ᠵᠦᠢᠯ ᠤᠨ ᠡᠮᠬᠢ ᠵᠢᠷᠤᠮ ᠲᠠᠢ ᠥᠨᠳᠥᠷ ᠪᠦᠲᠦᠮᠵᠢᠲᠡᠶ ᠠᠭᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠠᠵᠢᠯᠯᠠᠬᠤ ᠨᠢᠭᠡᠴᠡ ᠶᠢᠨ ᠬᠢᠨ ᠠᠵᠢᠯ ᠤᠨ ᠰᠢᠵᠢᠷ ᠠᠯᠳᠠᠨ ᠬᠤᠭᠤᠴᠠᠭ᠎ᠠ ᠶᠢ ᠠᠮᠵᠢᠨ᠂ ᠪᠠᠷᠢᠯᠭ᠎ᠠ ᠶᠢᠨ ᠡᠩᠨᠡᠭᠡ ᠪᠣᠯᠣᠨ ᠠᠵᠢᠯᠴᠢᠨ ᠢ ᠨᠡᠮᠡᠨ ᠲᠤᠬᠢᠷᠠᠭᠤᠯᠵᠤ᠂ ᠬᠥᠮᠥᠨ ᠤ ᠬᠦᠴᠦ ᠪᠠᠷ ᠡᠪᠡᠰᠦ ᠲᠠᠷᠢᠬᠤ ᠪᠠ ᠮᠠᠭᠤᠳᠠᠭᠰᠠᠨ ᠤᠢ ᠶᠢ ᠰᠡᠯᠪᠢᠨ ᠵᠠᠰᠠᠬᠤ ᠠᠵᠢᠯ ᠤᠨ ᠠᠬᠢᠴᠠ ᠶᠢ  ᠲᠦᠷᠭᠡᠳᠬᠡᠨ᠂ ᠠᠵᠢᠯ ᠤᠨ ᠬᠤᠭᠤᠴᠠᠭᠠᠨ ᠤ ᠳᠣᠲᠣᠷ᠎ᠠ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠳᠤᠯᠠᠵᠤ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ︽ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠵᠠᠷᠴᠢᠮ ᠢ ᠪᠠᠷᠢᠮᠳᠠᠯᠠᠵᠤ᠂ ᠲᠥᠷᠥᠯ ᠵᠦᠢᠯ ᠤᠨ ᠠᠵᠢᠯ ᠤᠨ ᠪᠥᠬᠦ ᠶᠠᠪᠤᠴᠠ ᠶᠢᠨ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ ᠶᠢ ᠴᠢᠩᠭᠠᠳᠬᠠᠨ᠂ ᠲᠤᠰᠬᠠᠢ ᠲᠤᠰᠢᠶᠠᠯᠲᠤ ᠠᠮᠤᠷ ᠲᠦᠪᠰᠢᠨ ᠤ ᠠᠵᠢᠯᠲᠠᠨ ᠲᠤᠬᠢᠷᠠᠭᠤᠯᠵᠤ᠂ ᠠᠶᠤᠯ ᠦᠭᠡᠢ ᠦᠢᠯᠡᠳᠪᠦᠷᠢᠯᠡᠯ ᠤᠨ ᠡᠬᠡ ᠲᠠᠩᠰᠠ ᠶᠢ ᠲᠡᠭᠦᠯᠳᠡᠷᠵᠢᠭᠦᠯᠬᠦ ᠶᠢᠨ ᠬᠠᠮᠲᠤ ᠲᠣᠭᠲᠠᠮᠠᠯ ᠬᠤᠭᠤᠴᠠᠭ᠎ᠠ ᠲᠠᠢ ᠪᠠᠷ ᠠᠶᠤᠯ ᠦᠭᠡᠢ ᠦᠢᠯᠡᠳᠪᠦᠷᠢᠯᠡᠯ ᠤᠨ ᠳᠠᠯᠳᠠ ᠬᠡᠮ ᠢ ᠮᠦᠷᠳᠡᠨ ᠪᠠᠶᠢᠴᠠᠭᠠᠬᠤ ᠪᠠ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ ᠵᠢᠴᠢ ᠡᠯ᠎ᠡ ᠠᠵᠢᠯᠯᠠᠬᠤ ᠨᠢᠭᠡᠴᠡ ᠨᠦᠭᠦᠳ ᠬᠠᠷᠢᠯᠴᠠᠨ ᠬᠠᠮᠵᠢᠯᠴᠠᠵᠤ᠂ ᠨᠡᠪᠲᠡᠷᠡᠯᠴᠡᠭᠡ ᠪᠠᠨ ᠴᠢᠩᠭᠠᠳᠬᠠᠨ᠂ ᠡᠯ᠎ᠡ ᠭᠤᠭᠴᠤᠭ᠎ᠠ ᠶᠢ ᠪᠦᠲᠦᠮᠵᠢᠲᠡᠶ ᠵᠣᠯᠭᠠᠭᠤᠯᠬᠤ᠂ ᠮᠠᠯᠴᠢᠨ ᠲᠠᠷᠢᠶᠠᠴᠢᠨ ᠪᠣᠯᠣᠨ ᠬᠥᠯᠥᠰᠦᠨ ᠠᠵᠢᠯᠴᠢᠨ ᠤ ᠡᠷᠬᠡ ᠠᠰᠢᠭ᠂ ᠵᠠᠰᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠪᠠ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠢᠳᠡᠪᠬᠢᠲᠡᠢ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠪᠠᠷᠠᠭᠤᠨ ᠣᠷᠣᠨ ᠤ ᠡᠯᠡᠰᠤᠨ ᠴᠦᠯ ᠢ ᠶᠡᠷᠦᠩᠬᠡᠶᠢᠯᠡᠨ ᠵᠠᠰᠠᠬᠤ ᠲᠦᠷᠦᠯ ᠵᠦᠢᠯ         ︵ᠬᠤᠶᠠᠳᠤᠭᠠᠷ ᠬᠤᠭᠤᠴᠠᠭ᠎ᠠ︶᠎ ᠤᠨ ᠡᠵᠡᠨ᠎ᠡ ᠭᠤᠣᠯ ᠤᠨ ᠵᠠᠯᠭᠠᠯᠳᠤᠭᠰᠠᠨ ᠣᠷᠣᠨ ᠤ ᠪᠦᠲᠦᠭᠡᠨ ᠪᠠᠶᠢᠭᠤᠯᠤᠯᠲᠠ ᠶᠢᠨ ᠶᠡᠷᠦᠩᠬᠡᠢ ᠪᠠᠶᠢᠳᠠᠯ ᠪᠣᠯᠣᠨ ᠡᠯ᠎ᠡ ᠠᠵᠢᠯᠯᠠᠬᠤ ᠠᠵᠤ ᠠᠬᠤᠶᠢᠯᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠢ ᠬᠤᠯᠪᠣᠭᠳᠠᠯ ᠪᠦᠬᠦᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠬᠤᠰᠢᠭᠤᠨ ᠤ ᠲᠡᠳ᠋ ᠳᠠᠷᠤᠭ᠎ᠠ ᠮᠦᠷᠡᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠵᠢᠴᠢ ᠰᠤᠮᠤ ᠪᠠᠯᠭᠠᠰᠤ ᠶᠢᠨ ᠬᠠᠷᠢᠭᠤᠴᠠᠯᠭᠠᠲᠠᠨ᠂ ᠡᠯ᠎ᠡ ᠲᠥᠷᠥᠯ ᠵᠦᠢᠯ ᠤᠨ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ 
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号