ᠮᠠᠨ ᠤ ᠬᠤᠰᠢᠭᠤ ︽ᠠᠮᠢ ᠨᠠᠰᠤᠨ ᠤ ᠬᠤᠷᠢᠭᠠᠲᠤ ᠣᠷᠣᠨ︾᠎ ᠤ ᠵᠠᠮ ᠬᠠᠷᠢᠯᠴᠠᠭᠠᠨ ᠤ ᠭᠤᠣᠯ ᠱᠣᠭᠤᠮ ᠢ ᠨᠠᠪᠲᠠᠷᠡᠭᠦᠯᠵᠦ ᠣᠷᠣᠨ ᠨᠤᠲᠤᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/4/24
      ᠣᠶᠢᠷ᠎ᠠ ᠶᠢᠨ ᠡᠳᠤᠷ᠂ 2023 ᠣᠨ ᠤ ᠠᠶᠢᠮᠠᠭ ᠤᠨ ᠲᠠᠰ ᠤᠨ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠪᠣᠯᠬᠤ ᠮᠤᠵᠢ ᠶᠢᠨ ᠵᠠᠮ ᠤᠨ 229 ᠱᠤᠭᠤᠮ ᠤᠨ ᠴᠢᠩ ᠾᠧ ᠺᠧᠦ ᠠᠴᠠ ᠵᠢᠶᠠ ᠢᠦᠢ ᠭᠤᠸᠠᠨ ᠬᠦᠷᠬᠦ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠲᠥᠷᠥᠯ ᠵᠦᠢᠯ ᠢ ᠶᠠᠭ ᠪᠥᠬᠦ ᠲᠠᠯ᠎ᠠ ᠪᠠᠷ ᠲᠦᠷᠭᠡᠳᠬᠡᠨ ᠬᠡᠷᠡᠭᠵᠢᠭᠦᠯᠵᠦ ᠪᠤᠢ᠃ ᠲᠣᠰ ᠲᠥᠷᠥᠯ ᠵᠦᠢᠯ ᠢ ᠬᠡᠷᠡᠭᠵᠢᠭᠦᠯᠦᠭᠰᠡᠨ ᠨᠢ ᠮᠠᠨ ᠤ ᠬᠤᠰᠢᠭᠤᠨ ᠤ ︽ᠠᠮᠢ ᠨᠠᠰᠤᠨ ᠤ ᠬᠤᠷᠢᠭᠠᠲᠤ ᠣᠷᠣᠨ︾᠎ ᠤ ᠵᠠᠮ ᠬᠠᠷᠢᠯᠴᠠᠭᠠᠨ ᠤ ᠭᠤᠣᠯ ᠱᠣᠭᠤᠮ ᠢ ᠨᠡᠪᠲᠡᠷᠡᠭᠦᠯᠬᠦ ᠲᠠᠯ᠎ᠠ ᠪᠠᠷ ᠨᠠᠩ ᠬᠦᠴᠦᠲᠡᠢ ᠬᠠᠩᠭᠠᠯᠭ᠎ᠠ ᠥᠵᠡᠬᠦᠯᠦᠭᠰᠡᠨ ᠢᠶᠠᠷ ᠪᠠᠷᠠᠬᠤ ᠦᠭᠡᠢ ᠬᠤᠰᠢᠭᠤᠨ ᠤ ᠪᠠᠷᠠᠭᠤᠨ ᠬᠡᠰᠡᠭ ᠤᠨ ᠪᠤᠶᠢᠳᠠ ᠪᠥᠭᠯᠡᠭᠦᠦ ᠭᠠᠵᠠᠷ ᠣᠷᠣᠨ ᠤ ᠵᠠᠮ ᠬᠠᠷᠢᠯᠴᠠᠭᠠᠨ ᠤ ᠨᠥᠬᠦᠴᠡᠯ ᠢ ᠰᠠᠶᠢᠵᠢᠷᠠᠭᠤᠯᠤᠨ ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠥᠵᠡᠬᠦᠯᠬᠦ ᠪᠣᠯᠣᠨ᠎ᠠ᠃      ᠮᠤᠵᠢ ᠶᠢᠨ ᠵᠠᠮ ᠤᠨ 229 ᠱᠤᠭᠤᠮ ᠤᠨ ᠴᠢᠩ ᠾᠧ ᠺᠧᠦ ᠠᠴᠠ ᠵᠢᠶᠠ ᠢᠦᠢ ᠭᠤᠸᠠᠨ ᠬᠦᠷᠬᠦ ᠵᠠᠰᠠᠮᠠᠯ ᠵᠠᠮ ᠤᠨ ᠠᠷᠠᠴᠢᠯᠠᠯᠲᠠ ᠶᠢᠨ ᠢᠨᠵᠧᠨᠧᠷᠢᠩ ᠤᠨ ᠨᠢᠭᠡᠨ ᠪᠠᠷᠢᠯᠭ᠎ᠠ ᠶᠢᠨ ᠠᠬᠤᠢ ᠲᠠᠯᠠᠪᠠᠢ ᠳᠤ᠂ ᠠᠵᠢᠯᠴᠢᠳ ᠶᠠᠭ ᠰᠠᠶᠢᠬᠠᠨ ᠪᠠᠷᠢᠯᠭ᠎ᠠ ᠶᠢᠨ ᠳᠣᠮᠤ ᠮᠠᠰᠢᠨ ᠲᠡᠷᠭᠡ ᠪᠠᠨ ᠵᠢᠯᠣᠭᠤᠳᠤᠨ ᠨᠠᠭᠠᠰᠢ ᠴᠠᠭᠠᠰᠢ ᠪᠠᠨ ᠰᠦᠯᠵᠢᠯᠳᠦᠵᠦ᠂ ᠡᠯ᠎ᠠ ᠳᠦᠷᠦᠯ ᠤᠨ ᠰᠢᠷᠦᠢ ᠶᠢᠨ ᠠᠵᠢᠯ ᠢᠶᠠᠨ ᠬᠢᠨ ᠶᠠᠭᠠᠷᠠᠯᠳᠣᠨ᠎ᠠ᠃ ᠲᠥᠷᠥᠯ ᠵᠦᠢᠯ ᠤᠨ ᠪᠠᠷᠢᠯᠭ᠎ᠠ ᠶᠢᠨ ᠳᠤᠭᠤᠶᠢᠯᠠᠩ ᠤᠨ ᠬᠢᠨ ᠴᠠᠭ ᠠᠭᠤᠷ ᠤᠨ ᠪᠠᠶᠢᠳᠠᠯ ᠢ ᠢᠳᠡᠪᠬᠢᠲᠡᠢ ᠪᠠᠷ ᠵᠠᠪᠳᠤᠨ ᠠᠳᠬᠤᠵᠤ᠂ ᠪᠠᠷᠢᠯᠭ᠎ᠠ ᠶᠢᠨ ᠬᠤᠭᠤᠴᠠᠭ᠎ᠠ ᠶᠢ ᠵᠦᠢ ᠵᠣᠬᠢᠰᠲᠠᠢ ᠲᠣᠬᠢᠷᠠᠭᠤᠯᠤᠨ᠂ ᠠᠷᠠᠴᠢᠯᠠᠨ ᠬᠠᠮᠠᠭᠠᠯᠠᠬᠤ ᠶᠠᠰᠤ ᠴᠢᠨᠠᠷ ᠪᠠ ᠠᠬᠢᠴᠠ ᠶᠢ ᠦᠨᠡᠨ ᠬᠦ ᠪᠠᠳᠤᠯᠠᠨ᠎ᠠ᠃      ᠯᠦᠩ ᠵᠢᠶᠠᠨ ᠵᠠᠮ ᠤᠨ ᠬᠥᠭᠦᠷᠭᠡ ᠶᠢᠨ 6 ᠳ᠋ᠤᠭᠠᠷ ᠲᠥᠷᠥᠯ ᠵᠦᠢᠯ ᠤᠨ ᠬᠡᠯᠲᠡᠰ ᠤᠨ ᠲᠥᠷᠥᠯ ᠵᠦᠢᠯ ᠤᠨ ᠳᠡᠳ᠋ ᠳᠠᠭᠠᠭᠠᠮᠠᠯ ᠷᠧᠨ ᠰᠢ ᠶᠤᠸᠠᠢ ᠠᠪᠢᠶ᠎ᠠ ᠳᠠᠭᠠᠷᠠᠭᠤᠯᠤᠨ᠎ᠠ ︵ᠮᠤᠵᠢ ᠶᠢᠨ ᠵᠠᠮ ᠤᠨ 229 ᠪᠠᠷᠢᠯᠭ᠎ᠠ ᠶᠢᠨ ᠵᠦᠢᠯ ᠤᠨ ᠪᠦᠬᠦ ᠱᠤᠭᠤᠮ ᠢᠶᠠᠷ ᠢᠶᠠᠨ ᠨᠡᠶᠢᠳᠡ 5 ᠵᠢᠵᠢᠭ ᠬᠥᠭᠦᠷᠭᠡ ᠶᠢ ︵ᠪᠠᠶᠢᠭᠤᠯᠪᠠ︶᠂ ᠤᠳᠤ ᠨᠢᠭᠡᠨᠲᠡ ᠭᠤᠷᠪᠠ ᠶᠢ ᠪᠠᠶᠢᠭᠤᠯᠵᠤ ᠳᠠᠭᠤᠰᠬᠠᠭᠰᠠᠨ᠃ ᠤᠳᠤ ᠶᠠᠭ ᠪᠠᠷᠢᠵᠤ ᠪᠠᠶᠢᠭ᠎ᠠ ᠨᠢ 85᠎ ᠶᠢᠨ ᠵᠢᠵᠢᠭ ᠬᠥᠭᠦᠷᠭᠡ᠂ ᠡᠨᠡ ᠵᠢᠯ ᠪᠢᠳᠡ ᠠᠮᠤᠷ ᠲᠦᠪᠰᠢᠨ ᠢ ᠪᠠᠲᠤᠯᠠᠵᠤ᠂ ᠶᠠᠰᠤ ᠴᠢᠨᠠᠷ ᠢ ᠴᠢᠬᠤᠯᠠᠴᠢᠯᠠᠨ ᠠᠬᠢᠴᠠ ᠶᠢ ᠲᠦᠷᠭᠡᠳᠬᠡᠬᠦ ᠠᠵᠢᠯ ᠤᠨ ᠵᠠᠷᠴᠢᠮ ᠪᠠᠷ᠂ 229 ᠪᠦᠬᠦ ᠱᠤᠭᠤᠮ ᠤᠨ ᠪᠠᠷᠢᠯᠭ᠎ᠠ ᠶᠢ ᠲᠡᠭᠦᠰ ᠠᠮᠵᠢᠯᠲᠠ ᠲᠠᠢ ᠪᠠᠷ ᠳᠠᠭᠤᠰᠬᠠᠨ᠎ᠠ᠃︶      ᠮᠤᠵᠢ ᠶᠢᠨ ᠵᠠᠮ ᠤᠨ 229 ᠱᠤᠭᠤᠮ ᠤᠨ ᠴᠢᠩ ᠾᠧ ᠺᠧᠦ ᠠᠴᠠ ᠵᠢᠶᠠ ᠢᠦᠢ ᠭᠤᠸᠠᠨ ᠬᠦᠷᠬᠦ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠢᠨᠵᠧᠨᠧᠷᠢᠩ ᠤᠨ ᠣᠷᠣᠰᠢᠵᠤ ᠪᠠᠶᠢᠭ᠎ᠠ ᠭᠠᠵᠠᠷ ᠵᠦᠢ ᠶᠢᠨ ᠣᠷᠴᠢᠨ ᠲᠣᠭᠤᠷᠢᠨ ᠎ ᠨᠢ ᠲᠤᠶᠢᠯ ᠤᠨ ᠶᠡᠭᠡ ᠥᠷᠢᠰᠦᠯᠳᠦᠬᠦ ᠴᠢᠨᠠᠷᠲᠠᠢ ᠪᠠᠶᠢᠵᠤ᠂ ᠳᠡᠯᠡᠬᠡᠢ ᠨᠡᠶᠢᠲᠡ ᠳᠤ ᠮᠡᠳᠡᠷᠡᠭᠳᠡᠭᠰᠡᠨ ᠬᠥᠮᠥᠨ ᠲᠥᠷᠥᠯᠬᠢᠲᠡᠨ ᠤ ᠣᠷᠣᠰᠢᠨ ᠰᠠᠭᠤᠬᠤ ᠳᠤ ᠲᠣᠬᠢᠷᠠᠬᠤ ᠦᠭᠡᠢ ︽ᠠᠮᠢ ᠨᠠᠰᠤᠨ ᠤ ᠬᠤᠷᠢᠭᠠᠲᠤ ᠣᠷᠣᠨ︾         ᠪᠣᠯᠣᠨ᠎ᠠ᠃ ᠬᠠᠪᠤᠷ ᠨᠠᠮᠤᠷ ᠤᠨ ᠤᠯᠠᠷᠢᠯ ᠢᠶᠠᠷ ᠰᠠᠯᠬᠢ ᠰᠢᠭᠤᠷᠭ᠎ᠠ ᠶᠡᠭᠡ᠂ ᠵᠤᠨ ᠤ ᠤᠯᠠᠷᠢᠯ ᠳᠤ ᠭᠠᠩ ᠬᠠᠭᠤᠷᠠᠢ ᠪᠣᠷᠣᠭᠠᠨ ᠪᠠᠭ᠎ᠠ᠂ ᠡᠳᠦᠷ ᠰᠥᠨᠢ ᠶᠢᠨ ᠳᠤᠯᠠᠭᠠᠨ ᠤ ᠵᠥᠷᠢᠶ᠎ᠡ ᠶᠡᠭᠡ ᠵᠡᠷᠭᠡ ᠠᠭᠤᠷ ᠠᠮᠢᠰᠬᠤᠯ ᠤᠨ ᠨᠥᠬᠦᠴᠡᠯ  ᠳᠤᠤᠷ᠎ᠠ᠂ ᠪᠠᠷᠢᠯᠭ᠎ᠠ ᠶᠢᠨ ᠪᠦᠯᠬᠦᠮ ᠤᠨ ᠬᠢᠨ ᠨᠠᠷᠢᠨ ᠨᠢᠭᠲᠠ ᠪᠠᠷᠢᠯᠭ᠎ᠠ ᠵᠢᠨ‌‍ᠲ᠋ᠥ᠋ᠯᠥᠪᠯᠡᠭᠡ ᠲᠣᠭᠲᠠᠭᠠᠵᠤ᠂ ᠪᠠᠷᠢᠯᠭ᠎ᠠ ᠶᠢᠨ ᠠᠵᠢᠯᠲᠠᠳ ᠤᠨ ᠪᠠᠶᠢᠭᠠᠯᠢ ᠶᠢᠨ ᠮᠠᠭᠤ ᠣᠷᠴᠢᠨ ᠲᠣᠭᠤᠷᠢᠨ ᠳᠤ ᠠᠮᠤᠷ ᠲᠦᠪᠰᠢᠨ ᠥᠨᠳᠥᠷ ᠪᠦᠲᠦᠮᠵᠢᠲᠡᠢ ᠪᠠᠷᠢᠯᠭ᠎ᠠ ᠶᠢᠨ ᠠᠵᠢᠯ ᠬᠢᠬᠦ ᠶᠢ ᠪᠠᠳᠤᠯᠠᠵᠦ ᠪᠠᠶᠢᠨ᠎ᠠ᠃      ᠮᠤᠵᠢ ᠶᠢᠨ ᠲᠡᠰ ᠤᠨ ᠵᠠᠰᠠᠮᠠᠯ ᠵᠠᠮ ᠤᠨ 229 ᠲᠦᠷᠦᠯ ᠵᠦᠢᠯ ᠤᠨ ᠮᠡᠷᠭᠡᠵᠢᠯ ᠤᠨ ᠬᠠᠷᠢᠭᠤᠴᠠᠯᠭᠠᠲᠠᠨ ᠦ᠋ ᠸᠧᠨ ᠴᠢᠶᠠᠩ ︵ᠮᠤᠵᠢ ᠶᠢᠨ ᠲᠡᠰ ᠤᠨ ᠵᠠᠰᠠᠮᠠᠯ ᠵᠠᠮ ᠤᠨ 229 ᠲᠦᠷᠦᠯ ᠵᠦᠢᠯ ᠨᠢ ᠠᠵᠢᠯ ᠢᠶᠠᠨ ᠰᠡᠷᠭᠦᠭᠡᠭᠰᠡᠨ ᠠᠴᠠ ᠨᠠᠰᠢ᠂ ᠪᠢᠳᠡ ᠰᠠᠯᠬᠢᠨ ᠰᠢᠭᠤᠷᠭ᠎ᠠ ᠶᠡᠭᠡ ᠭᠠᠩ ᠬᠠᠭᠤᠷᠠᠢ ᠤᠰᠤ ᠳᠤᠲᠠᠭᠳᠠᠬᠤ ᠵᠡᠷᠭᠡ ᠡᠯ᠎ᠡ ᠵᠦᠢᠯ ᠤᠨ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠤᠳᠤ ᠪᠣᠯᠲᠠᠯ᠎ᠠ ᠪᠠᠷᠢᠯᠭ᠎ᠠ ᠶᠢᠨ ᠶᠡᠷᠦᠩᠬᠡᠢ ᠬᠡᠮᠵᠢᠶ᠎ᠡ ᠶᠢᠨ 75% ᠎ ᠢ ᠪᠡᠶᠡᠯᠡᠭᠦᠯᠵᠡᠢ᠃︶      ᠣᠶᠢᠯᠠᠭᠠᠭᠰᠠᠨ ᠢᠶᠠᠷ᠂ ᠢᠨᠵᠧᠨᠧᠷᠢᠩ ᠢ ᠬᠡᠷᠡᠭᠵᠢᠭᠦᠯᠦᠭᠰᠡᠨ ᠵᠠᠮ ᠤᠨ ᠬᠡᠰᠡᠭ ᠨᠢ ᠬᠠᠷᠠᠪᠦ᠋ᠷᠭᠦᠳ ᠤᠨ ᠠᠭᠤᠯᠠ ᠶᠢᠨ  ᠪᠡᠭᠡᠵᠢᠩ ᠠᠴᠠ ᠰᠢᠨᠵᠢᠶᠠᠩ ᠬᠦᠷᠬᠦ ᠲᠦᠷᠭᠡᠨ ᠤ ᠵᠠᠮ ᠤᠨ ᠬᠡᠰᠡᠭ ᠤᠨ ᠬᠤᠶᠢᠲᠤ ᠲᠠᠯ᠎ᠠ ᠠᠴᠠ ᠮᠤᠵᠢ ᠶᠢᠨ ᠵᠠᠮ 229 ᠱᠤᠭᠤᠮ ᠤᠨ ᠦᠪᠤᠷ ᠮᠤᠩᠭᠤᠯ ᠭᠠᠨᠰᠤ ᠤᠨ ᠬᠢᠯᠢ ᠶᠢᠨ ᠵᠠᠭᠠᠭ ᠬᠦᠷᠲᠡᠯ᠎ᠡ ᠪᠠᠶᠢᠵᠤ᠂  ᠲᠤᠰ ᠪᠠᠷᠢᠯᠭ᠎ᠠ ᠶᠢᠨ ᠭᠤᠣᠯ ᠠᠭᠤᠯᠭ᠎ᠠ ᠨᠢ ᠬᠡᠰᠡᠭ ᠡᠪᠳᠡᠭᠰᠡᠨ ᠵᠠᠮ ᠢ ᠰᠢᠢᠳᠪᠦᠷᠢᠯᠡᠨ᠂  ᠵᠠᠮ ᠤᠨ ᠰᠠᠭᠤᠷᠢ ᠭᠠᠵᠠᠷ ᠎ ᠤᠨ ᠭᠠᠳᠠᠷᠭᠤ ᠶᠢ ᠨᠡᠮᠡᠨ ᠳᠡᠪᠢᠰᠴᠦ᠂ ᠪᠥᠬᠦ ᠱᠤᠭᠤᠮ ᠤᠨ ᠰᠡᠷᠭᠡᠶᠢᠯᠡᠨ ᠬᠠᠮᠠᠭᠠᠯᠠᠬᠤ ᠪᠠ ᠤᠰᠤ ᠶᠢ ᠭᠠᠳᠠᠭᠰᠢᠯᠠᠭᠤᠯᠬᠤ ᠲᠦᠭᠦᠭᠡᠷᠤᠮᠵᠢ ᠶᠢ ᠲᠠᠬᠢᠨ ᠪᠠᠬᠢᠵᠢᠬᠦᠯᠵᠤ᠂ ᠪᠥᠬᠦ ᠱᠤᠭᠤᠮ ᠤᠨ ᠭᠤᠯᠳᠤᠩ ᠢ ᠨᠤᠷᠠᠭᠠᠨ ᠰᠢᠨ᠎ᠡ ᠪᠠᠷ  ᠪᠠᠶᠢᠭᠤᠯᠤᠨ᠂ ᠵᠠᠮ ᠬᠠᠷᠢᠯᠴᠠᠭᠠᠨ ᠤ ᠠᠮᠤᠷ ᠲᠦᠪᠰᠢᠨ ᠤ ᠲᠦᠭᠦᠭᠡᠷᠤᠮᠵᠢ ᠶᠢ ᠨᠥᠬᠦᠪᠦᠷᠢᠯᠡᠨ ᠲᠡᠭᠦᠯᠳᠡᠷᠵᠢᠭᠦᠯᠵᠦ᠂ ᠠᠷᠠᠴᠢᠯᠠᠨ ᠬᠠᠮᠠᠭᠠᠯᠠᠬᠤ ᠵᠠᠮ ᠤᠨ ᠤᠷᠳᠤ ᠨᠢ 126  ᠺᠢᠯᠤᠮᠧᠲᠷ ᠪᠠᠶᠢᠵᠤ᠂ ᠭᠤᠷᠪᠠᠳᠤᠭᠠᠷ ᠳᠡᠰ ᠤᠨ ᠵᠠᠰᠠᠮᠠᠯ ᠵᠠᠮ ᠤᠨ ᠪᠠᠷᠢᠮᠵᠢᠶ᠎ᠠ ᠪᠠᠷ ᠵᠢᠷᠤᠭᠯᠠᠵᠤ ᠲᠦᠯᠦᠪᠯᠡᠨ᠂ ᠵᠠᠮ ᠤᠨ ᠰᠠᠭᠤᠷᠢ ᠶᠢᠨ ᠥᠷᠭᠡᠨ ᠨᠢ 8 . 5% ᠮᠧᠲᠷ᠂ ᠵᠠᠮ ᠤᠨ ᠭᠠᠳᠠᠷᠭᠤ ᠶᠢᠨ ᠥᠷᠭᠡᠨ ᠨᠢ 7 ᠮᠧᠲᠷ᠂ ᠲᠥᠷᠥᠯ ᠵᠦᠢᠯ  ᠎ ᠤᠨ ᠶᠡᠷᠦᠩᠬᠡᠢ ᠪᠡᠯᠡ ᠣᠷᠣᠭᠤᠯᠤᠯᠲᠠ ᠨᠢ 2.29 ᠳ᠋ᠦᠩᠰᠢᠭᠤᠷ ᠲᠥᠭᠦᠷᠢᠭ ᠪᠣᠯᠣᠨ᠎ᠠ᠃      ᠲᠣᠰ ᠠᠷᠠᠴᠢᠯᠠᠨ ᠬᠠᠮᠠᠭᠠᠯᠠᠬᠤ ᠢᠨᠵᠧᠨᠧᠷᠢᠩ ᠢ 2023 ᠣᠨ ᠤ 7 ᠰᠠᠷ᠎ᠠ ᠶᠢᠨ ᠡᠬᠢ ᠪᠠᠷ ᠵᠠᠮ ᠢ ᠠᠷᠠᠴᠢᠯᠠᠨ ᠬᠠᠮᠠᠭᠠᠯᠠᠬᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠳᠤ ᠣᠷᠣᠭᠤᠯᠤᠭᠰᠠᠨ ᠠᠴᠠ ᠨᠠᠰᠢ᠂ ᠣᠲᠣ ᠪᠣᠯᠲᠠᠯ᠎ᠠ᠂ ᠪᠠᠷᠢᠯᠭ᠎ᠠ ᠶᠢᠨ ᠵᠠᠮ ᠤᠨ ᠰᠠᠭᠤᠷᠢ᠂ ᠵᠠᠮ ᠤᠨ ᠭᠠᠳᠠᠷᠭᠤ ᠶᠢ ᠦᠨᠳᠦᠰᠦᠨ ᠱᠠᠲᠤᠨ ᠳᠤ ᠨᠢᠭᠡᠨᠲᠡ ᠪᠦᠬᠦᠨ ᠢ ᠳᠠᠭᠤᠰᠬᠠᠵᠤ᠂ ᠪᠠᠷᠤᠭᠰᠢᠨ ᠵᠠᠮ ᠤᠨ ᠭᠠᠳᠠᠷᠭᠤ ᠶᠢᠨ ᠶᠡᠷᠦᠩᠬᠡᠢ ᠪᠠᠷᠢᠯᠭ᠎ᠠ ᠶᠢᠨ 18%᠎ ᠶᠢ ᠨᠢᠭᠡᠨᠲᠡ ᠪᠡᠶᠡᠯᠡᠬᠦᠯᠦᠨ᠂ ᠵᠢᠱᠢᠯᠲᠡ ᠪᠠᠷ ᠡᠨᠡ ᠵᠢᠯ ᠤᠨ 8 ᠰᠠᠷ᠎ᠠ ᠶᠢᠨ ᠰᠡᠭᠦᠯᠴᠢ ᠪᠠᠷ ᠪᠥᠬᠦ ᠱᠤᠭᠤᠮ ᠢᠶᠠᠷ ᠲᠡᠷᠭᠡ ᠨᠡᠪᠲᠡᠷᠡᠬᠦ ᠪᠣᠯᠣᠨ᠎ᠠ᠃ ᠮᠤᠵᠢ ᠶᠢᠨ ᠵᠠᠮ 229 ᠎ ᠢ ᠵᠠᠰᠠᠵᠤ ᠰᠡᠯᠪᠢᠬᠦ ᠪᠠ ᠬᠠᠮᠠᠭᠠᠯᠠᠬᠤ ᠨᠢ ᠣᠷᠣᠨ ᠪᠦᠰᠡ ᠶᠢᠨ ᠠᠵᠤ ᠠᠬᠤᠢ ᠶᠢᠨ ᠲᠦᠷᠭᠡᠨ ᠬᠥᠭᠵᠢᠯᠲᠡ ᠶᠢ ᠲᠠᠶᠢᠴᠢᠯᠠᠵᠦ᠂ ᠮᠠᠨ ᠤ ᠬᠤᠰᠢᠭᠤᠨ ᠤ ᠪᠠᠷᠠᠭᠤᠨ ᠣᠷᠣᠨ ᠤ ᠵᠠᠮ ᠤᠨ ᠲᠣᠣᠷ ᠤᠨ ᠪᠦᠲᠦᠴᠡ ᠶᠢ ᠴᠢᠨᠠᠭᠰᠢᠳᠠ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠵᠠᠮ ᠳᠠᠭᠠᠤ ᠶᠢᠨ ᠮᠠᠯᠴᠢᠨ ᠲᠦᠮᠡᠨ ᠤ ᠶᠠᠪᠤᠵᠤ ᠰᠠᠭᠤᠬᠤ ᠳᠤ ᠬᠦᠴᠢᠷ ᠠᠰᠠᠭᠤᠳᠠᠯ ᠢ ᠰᠢᠢᠳᠪᠤᠷᠢᠯᠡᠨ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠲᠦᠭᠦᠬᠡᠢ ᠮᠠᠲ᠋ᠧᠷᠢᠶᠠᠯ ᠪᠣᠯᠣᠨ ᠪᠦᠲᠦᠭᠡᠭᠳᠡᠬᠦᠨ ᠤ ᠲᠡᠭᠡᠭᠡᠪᠦᠷᠢ ᠳᠤ ᠲᠦᠷᠭᠡᠨ ᠪᠥᠭᠡᠳ ᠰᠠᠭᠠᠳ ᠦᠭᠡᠢ ᠨᠡᠪᠳᠡᠷᠡᠬᠦ ᠲᠡᠭᠡᠭᠡᠪᠦᠷᠢ ᠶᠢᠨ ᠨᠥᠬᠦᠴᠡᠯ ᠬᠠᠩᠭᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃      ᠣᠶᠢᠷ᠎ᠠ ᠶᠢᠨ ᠵᠢᠯ ᠤᠨ ᠲᠤᠷᠰᠢ᠂ ᠮᠠᠨ ᠤ ᠬᠤᠰᠢᠭᠤ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠶᠠᠰᠤ ᠴᠢᠨᠠᠷ ᠪᠠ ᠬᠢᠷᠢ ᠲᠦᠪᠰᠢᠨ ᠢ ᠲᠥᠪᠯᠡᠷᠡᠭᠦᠯᠦᠨ ᠳᠡᠭᠡᠭᠰᠢᠯᠡᠭᠦᠯᠵᠦ᠂ ᠪᠤᠶᠢᠳᠠ ᠪᠥᠭᠯᠡᠭᠦᠦ ᠭᠠᠵᠠᠷ ᠣᠷᠣᠨ ᠤ ᠵᠠᠮ ᠨᠡᠪᠲᠡᠷᠡᠯᠭᠡ ᠶᠢᠨ ᠴᠢᠳᠠᠪᠤᠷᠢ ᠶᠢ ᠲᠠᠰᠤᠷᠠᠯᠲᠠ ᠦᠭᠡᠢ ᠰᠠᠶᠢᠵᠢᠷᠠᠭᠤᠯᠤᠨ᠂ ᠠᠷᠠᠳ ᠣᠯᠠᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠳᠡᠭᠡᠭᠰᠢᠯᠡᠭᠦᠯᠬᠦ ᠶᠢ  ᠭᠤᠤᠯ ᠠᠵᠢᠯ  ᠡᠭᠦᠷᠭᠡ ᠪᠠᠨ  ᠪᠣᠯᠭᠠᠪᠠ᠃ 
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号