ᠡᠵᠡᠨ᠎ᠡ ᠬᠤᠰᠢᠭᠤᠨ ᠤ ︽ᠳᠥᠷᠪᠡᠨ ᠠᠷᠭ᠎ᠠ ᠬᠡᠮᠵᠢᠶ᠎ᠡ︾ ᠵᠠᠰᠠᠭ ᠤᠨ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠵᠤ ᠦᠨᠡᠨᠴᠢ ᠢᠲᠡᠭᠡᠮᠵᠢ ᠳᠤ ᠬᠦᠴᠦᠨ ᠨᠡᠮᠡᠷᠢᠯᠡᠬᠦ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/4/26
      ᠨᠢᠭᠡ ᠳᠤ  ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ ︽ᠡᠵᠡᠨ᠎ᠡ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2021 - 2025 ᠣᠨ︶  ᠬᠡᠷᠡᠭᠵᠢᠭᠦᠯᠬᠦ ᠲᠥᠰᠦᠯ︾᠂ ︽ᠡᠵᠡᠨ᠎ᠡ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ︵2021 - 2025 ᠣᠨ︶  ᠠᠵᠢᠯ ᠤᠨ ᠵᠥᠪᠳᠡᠯᠴᠡᠬᠦ ᠲᠣᠭᠲᠠᠴᠠ︾  ᠳᠠᠷᠤᠮᠠᠯᠯᠠᠨ ᠲᠠᠷᠬᠠᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠳᠥᠯᠭᠢᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠴᠢᠩᠭ᠎ᠠ ᠵᠢᠷᠤᠮᠵᠢᠭᠤᠨ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠭᠲᠠᠴᠠ ᠶᠢ ᠵᠢᠷᠤᠮᠵᠢᠭᠤᠯᠵᠤ᠂ ᠪᠠᠶᠠᠨᠲᠤᠤᠷᠠᠢ ᠬᠠᠤᠯᠢ ᠴᠠᠭᠠᠵᠠ ᠶᠢᠨ ᠭᠠᠵᠠᠷ᠂ ᠳᠠᠯᠠᠶᠢᠬᠦ᠋ᠪ ᠬᠠᠤᠯᠢ ᠴᠠᠭᠠᠵᠠ ᠶᠢᠨ ᠭᠠᠵᠠᠷ᠂ ᠰᠠᠶᠢᠬᠠᠨᠲᠤᠤᠷᠠᠢ ᠬᠠᠤᠯᠢ ᠴᠠᠭᠠᠵᠠ ᠶᠢᠨ ᠭᠠᠵᠠᠷ᠂ ᠳ᠋ᠦᠩ ᠹᠧᠩ ᠬᠠᠤᠯᠢ ᠴᠠᠭᠠᠵᠠ ᠶᠢᠨ ᠭᠠᠵᠠᠷ ᠢ ᠰᠤᠮᠤ ᠪᠠᠯᠭᠠᠰᠤᠨ ᠤ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠲᠤᠷᠰᠢᠯᠲᠠ ᠶᠢᠨ ᠴᠡᠭ ᠪᠣᠯᠭᠠᠵᠤ᠂ ᠬᠤᠰᠢᠭᠤ᠂ ᠰᠤᠮᠤ ᠪᠠᠯᠭᠠᠰᠤ ᠬᠤᠶᠠᠷ ᠱᠠᠲᠤ ᠶᠢ ᠬᠠᠮᠤᠷᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ ᠰᠢᠰᠲ᠋ᠧᠮ ᠢ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠠᠷᠠᠳ ᠣᠯᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠤᠨ ᠬᠠᠮᠢᠶᠠᠷᠤᠯᠲᠠ ᠪᠠ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ᠂ ᠠᠵᠢᠯ ᠠᠴᠠ ᠪᠠᠨ ᠪᠠᠭᠤᠵᠤ ᠠᠮᠠᠷᠠᠬᠤ ᠵᠡᠷᠭᠡ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠳᠤ ᠪᠠᠶᠢᠬᠤ ᠦᠭᠡᠢ ᠠᠵᠢᠯᠲᠠᠨ ᠤ ᠬᠠᠤᠯᠢ ᠬᠡᠷᠡᠭᠵᠢᠭᠦᠯᠬᠦ ᠦᠨᠡᠮᠯᠡᠯ ᠢ ᠴᠠᠭ ᠲᠤᠬᠠᠢ ᠳᠤ ᠨᠢ ᠢᠯᠭᠠᠷᠠᠭᠤᠯᠤᠨ ᠬᠦᠴᠦᠨ ᠦᠭᠡᠢ ᠪᠣᠯᠭᠠᠵᠤ᠂ ᠪᠣᠳᠠᠲᠤ ᠴᠣᠭᠴᠠ ᠪᠠ  ᠬᠠᠤᠯᠢ ᠬᠡᠷᠡᠭᠵᠢᠭᠦᠯᠬᠦ ᠦᠨᠡᠮᠯᠡᠯ ᠢ 274 ᠳᠡᠪᠲᠡᠷ ᠃ ᠬᠤᠶᠠᠷ ᠲᠤ᠂ ᠬᠠᠤᠯᠢ ᠬᠡᠷᠡᠭᠵᠢᠭᠦᠯᠬᠦ ᠪᠣᠳᠠᠲᠤ ᠶᠠᠪᠤᠳᠠᠯ ᠤᠨ ᠪᠣᠯᠪᠠᠰᠤᠷᠠᠯ ᠢ ᠴᠢᠩᠭᠠᠳᠬᠠᠵᠤ᠂    ᠤᠨᠤᠯ ᠤᠨ ᠲᠦᠪᠰᠢᠨ ᠪᠣᠯᠤᠨ ᠪᠣᠳᠠᠲᠤ ᠶᠠᠪᠤᠳᠠᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ︽ᠡᠵᠡᠨ᠎ᠡ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠥᠮᠦᠵᠢᠯ ᠪᠣᠯᠪᠠᠰᠤᠷᠠᠭᠤᠯᠤᠯ ᠤᠨ ᠠᠵᠢᠯ ᠢ ᠴᠢᠩᠭᠠᠳᠬᠠᠬᠤ ᠲᠥᠰᠦᠯ︾  ᠳᠠᠷᠤᠮᠠᠯᠯᠠᠨ ᠲᠠᠷᠬᠠᠭᠠᠵᠤ᠂ 2023 ᠣᠨ ᠳᠤ ᠡᠭᠦᠯᠡᠨ ᠲᠠᠪᠴᠠᠩ ᠳᠤ ᠲᠦᠰᠢᠭᠯᠡᠨ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠰᠦᠯᠵᠢᠶᠡᠨ ᠳᠡᠭᠡᠷ᠎ᠡ ᠨᠡᠶᠢᠳᠡᠮ ᠬᠡᠷᠡᠭᠯᠡᠬᠦ ᠬᠠᠤᠯᠢ ᠴᠠᠭᠠᠵᠠ ᠶᠢᠨ ᠮᠡᠳᠡᠯᠭᠡ ᠶᠢᠨ ᠪᠣᠯᠪᠠᠰᠤᠷᠠᠭᠤᠯᠤᠯ ᠪᠠ ᠠᠶᠢᠮᠠᠭ ᠤᠨ ᠨᠠᠮ ᠤᠨ ᠰᠤᠷᠭᠠᠭᠤᠯᠢ ᠶᠢᠨ ᠪᠠᠭᠰᠢ ᠵᠢᠴᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠶᠢ ᠤᠷᠢᠵᠤ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠪᠣᠯᠪᠠᠰᠤᠷᠠᠯ ᠤᠨ ᠠᠩᠭᠢ ᠥᠷᠨᠢᠭᠦᠯᠵᠦ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ᠂ ᠲᠤᠰᠬᠠᠢ ᠵᠦᠢᠯ ᠢᠶᠠᠷ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠵᠠᠷᠭᠤ ᠢᠯᠠᠭᠳᠠᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠪᠤᠷᠤᠭᠤ ᠶᠢ ᠵᠠᠯᠠᠷᠠᠭᠤᠯᠤᠭᠰᠠᠨ ᠬᠡᠷᠡᠭ ᠲᠤ ᠣᠨᠴᠠᠭᠠᠶ ᠬᠢᠨᠠᠯᠲᠠ ᠲᠠᠯᠪᠢᠬᠤ ᠶᠢ ᠥᠷᠨᠢᠭᠦᠯᠵᠦ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠪᠦᠬᠦᠯᠢ ᠴᠣᠭᠴᠠ ᠶᠢᠨ ᠬᠢᠷᠢ ᠲᠦᠪᠰᠢᠨ ᠪᠠ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠤᠷᠪᠠ ᠳᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠭᠡᠷᠡᠴᠢᠯᠡᠬᠦ ᠵᠦᠢᠯᠡᠰ ᠤᠨ ᠨᠠᠷᠢᠨ ᠲᠠᠩᠰᠠ ᠶᠢ ᠡᠮᠬᠢᠯᠡᠨ  ᠲᠠᠨᠢᠵᠤ ᠠᠪᠬᠤ ᠪᠠ ᠭᠡᠷᠡᠴᠢᠯᠡᠬᠦ ᠵᠦᠢᠯᠡᠰ ᠤᠨ ᠠᠮᠠᠯᠠᠯᠲᠠ ᠶᠢᠨ ᠮᠡᠳᠡᠭᠳᠡᠬᠦ ᠲᠦᠷᠢᠮ ᠤᠨ ᠵᠦᠢᠯᠡᠰ ᠢ ᠡᠮᠬᠢᠯᠡᠨ ᠲᠠᠨᠢᠵᠤ ᠠᠪᠬᠤ ᠠᠵᠢᠯ ᠢ ᠥᠷᠨᠢᠭᠦᠯᠵᠦ᠂ ︽ᠡᠵᠡᠨ᠎ᠡ ᠬᠤᠰᠢᠭᠤᠨ ᠤ   ᠭᠡᠷᠡᠴᠢᠯᠡᠬᠦ ᠵᠦᠢᠯᠡᠰ ᠤᠨ ᠨᠠᠷᠢᠨ ᠲᠠᠩᠰᠠ︾᠂ ︽ᠡᠵᠡᠨ᠎ᠡ ᠬᠤᠰᠢᠭᠤᠨ ᠤ ᠭᠡᠷᠡᠴᠢᠯᠡᠬᠦ ᠵᠦᠢᠯᠡᠰ ᠤᠨ ᠠᠮᠠᠯᠠᠯᠲᠠ ᠶᠢᠨ ᠮᠡᠳᠡᠭᠳᠡᠬᠦ ᠲᠦᠷᠢᠮ ᠤᠨ ᠨᠠᠷᠢᠨ ᠲᠠᠩᠰᠠ︾  ᠨᠡᠶᠢᠲᠡᠯᠡᠵᠦ᠂ ᠭᠡᠷᠡᠴᠢᠯᠡᠬᠦ ᠵᠦᠢᠯᠡᠰ ᠢ ᠨᠡᠶᠢᠲᠡ 167 ᠵᠦᠢᠯ ᠡᠮᠬᠢᠯᠡᠨ ᠳᠢᠭᠯᠡᠵᠦ᠂ ᠡᠭᠦᠨ ᠳᠤ ᠰᠠᠯᠠᠭ᠎ᠠ ᠮᠥᠴᠢᠷ 28 ᠵᠦᠢᠯ ᠢ ᠡᠮᠬᠢᠯᠡᠵᠦ᠂ ᠥᠪᠡᠷᠲᠡᠭᠡᠨ ᠵᠠᠰᠠᠬᠤ ᠣᠷᠣᠨ ᠤ ᠭᠡᠷᠡᠴᠢᠯᠡᠬᠦ ᠵᠦᠢᠯᠡᠰ ᠤᠨ ᠨᠠᠷᠢᠨ ᠲᠠᠩᠰᠠ ᠶᠢ 139 ᠵᠦᠢᠯ ᠢ ᠳᠠᠭᠠᠭᠠᠨ ᠠᠪᠤᠪᠠ᠃ ᠥᠪᠡᠷᠲᠡᠭᠡᠨ ᠵᠠᠰᠠᠬᠤ ᠣᠷᠣᠨ ᠤ ᠭᠡᠷᠡᠴᠢᠯᠡᠬᠦ ᠵᠦᠢᠯᠡᠰ ᠤᠨ ᠠᠮᠠᠯᠠᠯᠲᠠ ᠶᠢ ᠮᠡᠳᠡᠭᠳᠡᠬᠦ 20 ᠵᠦᠢᠯ ᠢ ᠡᠮᠬᠢᠯᠡᠨ ᠳᠢᠭᠯᠡᠬᠦ ᠪᠠ ᠳᠠᠭᠠᠭᠠᠨ ᠠᠪᠴᠤ᠂ ᠡᠭᠦᠨ ᠳᠤ ᠰᠠᠯᠠᠭ᠎ᠠ ᠮᠥᠴᠢᠷ ᠤᠳ 1 ᠵᠦᠢᠯ ᠢ ᠡᠮᠬᠢᠯᠡᠨ ᠳᠢᠭᠯᠡᠵᠦ᠂ ᠥᠪᠡᠷᠲᠡᠭᠡᠨ ᠵᠠᠰᠠᠬᠤ ᠣᠷᠣᠨ ᠤ ᠭᠡᠷᠡᠴᠢᠯᠡᠬᠦ ᠵᠦᠢᠯᠡᠰ ᠤᠨ 19 ᠵᠦᠢᠯ ᠢ ᠲᠠᠨᠢᠵᠤ ᠠᠪᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ ᠳᠥᠷᠪᠡ  ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ  ᠢ ᠬᠢᠨᠠᠨ ᠪᠠᠶᠢᠴᠠᠭᠠᠵᠤ ᠳᠠᠩᠰᠠᠯᠠᠬᠤ ᠪᠠ ᠢᠯᠭᠠᠷᠠᠭᠤᠯᠬᠤ ᠶᠢ ᠴᠢᠩᠳᠠᠯᠠᠵᠤ ᠂ ᠬᠠᠤᠯᠢ ᠶᠣᠰᠣᠭᠠᠷ ᠵᠠᠰᠠᠭ ᠶᠠᠪᠤᠭᠤᠯᠬᠤ ᠳᠦᠷᠢᠮ  ᠢ ᠲᠡᠭᠦᠯᠳᠡᠷᠵᠢᠭᠦᠯᠦᠨ᠎ᠡ ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠨᠠᠯ ᠬᠤᠷᠢᠶᠠᠬᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠤᠨ ᠬᠤᠷᠠᠯ ᠢᠶᠠᠷ ᠶᠠᠷᠢᠯᠴᠠᠨ ᠰᠤᠳᠤᠯᠬᠤ ᠵᠡᠷᠭᠡ ᠲᠠᠰ ᠳᠠᠷᠠᠭᠠᠯᠠᠯ ᠤᠨ ᠶᠣᠰᠣᠭᠠᠷ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠵᠤ ᠳᠠᠷᠤᠮᠠᠯᠯᠠᠨ ᠲᠠᠷᠬᠠᠭᠠᠨ᠎ᠠ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠬᠢᠭᠡᠳ ᠬᠠᠤᠯᠢ ᠴᠠᠭᠠᠵᠠ ᠶᠢᠨ ᠲᠣᠪᠴᠢᠶ᠎ᠠ ᠶᠢᠨ ᠬᠠᠮᠲᠤᠷᠠᠨ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠲᠤᠰᠬᠠᠶ ᠮᠡᠷᠭᠡᠵᠢᠯ ᠤᠨ ᠬᠠᠤᠯᠢ ᠴᠠᠭᠠᠵᠠ ᠶᠢᠨ ᠰᠠᠨᠠᠯ ᠪᠠ ᠰᠠᠨᠠᠭᠤᠯᠭ᠎ᠠ ᠬᠠᠩᠭᠠᠵᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠠᠤᠯᠢ ᠴᠠᠭᠠᠵᠠ ᠶᠢᠨ ᠲᠦᠭᠰᠢᠭᠦᠷᠢ ᠶᠢ ᠪᠠᠭᠤᠷᠠᠭᠤᠯᠤᠨ᠎ᠠ᠃ ᠴᠢᠩᠭ᠎ᠠ ᠬᠢᠨᠠᠨ ᠪᠠᠶᠢᠴᠠᠭᠠᠭᠰᠠᠨ ᠰᠠᠭᠤᠷᠢᠨ ᠳᠡᠭᠡᠷ᠎ᠡ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠤᠨ ᠳᠢᠭᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ 2023 ᠣᠨ ᠳᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ 23 ᠬᠤᠪᠢ ᠪᠥᠬᠦ ᠲᠠᠯ᠎ᠠ ᠪᠠᠷ ᠢᠯᠭᠠᠷᠠᠭᠤᠯᠤᠨ ᠴᠡᠪᠡᠷᠯᠡᠵᠦ᠂ ᠢᠯᠭᠠᠷᠠᠭᠤᠯᠤᠨ ᠳᠢᠭᠯᠡᠭᠰᠡᠨ ᠦᠷ᠎ᠡ ᠳ᠋ᠦᠩ ᠢ ᠨᠡᠶᠢᠭᠡᠮ ᠳᠤ ᠃ 
 
ᠢᠷᠡᠯᠲᠡ᠄     
 
 
ᠬᠠᠮᠢᠶ᠎ᠠ ᠪᠥᠬᠦᠢ ᠰᠤᠨᠢᠨ
 
2014-2015 ©                      蒙ICP备05070829号