ᠨᠢᠭᠡ ᠳᠤ ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ | ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠳᠡᠭᠡᠭᠰᠢᠯᠡᠭᠦᠯᠦᠨ᠎ᠡ᠃ | ︽ᠡᠵᠡᠨ᠎ᠡ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ | ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ︵2021 - 2025 ᠣᠨ︶ ᠤ ᠬᠡᠷᠡᠭᠵᠢᠭᠦᠯᠬᠦ | ᠲᠥᠰᠦᠯ︾᠂ ︽ᠡᠵᠡᠨ᠎ᠡ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠢ | ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ︵2021 - 2025 ᠣᠨ︶ | ᠤ ᠠᠵᠢᠯ ᠤᠨ ᠵᠥᠪᠳᠡᠯᠴᠡᠬᠦ ᠲᠣᠭᠲᠠᠴᠠ︾ ᠶᠢ ᠳᠠᠷᠤᠮᠠᠯᠯᠠᠨ ᠲᠠᠷᠬᠠᠭᠠᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ | ᠭᠦᠨᠵᠡᠭᠡᠶ ᠳᠥᠯᠭᠢᠨ ᠠᠬᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠠᠰᠤ ᠴᠢᠨᠠᠷ ᠪᠠ | ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠴᠢᠩᠭ᠎ᠠ ᠵᠢᠷᠤᠮᠵᠢᠭᠤᠨ ᠲᠥᠪ ᠭᠤᠤᠯᠴᠢ | ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠲᠣᠭᠲᠠᠴᠠ ᠶᠢ ᠵᠢᠷᠤᠮᠵᠢᠭᠤᠯᠵᠤ᠂ ᠪᠠᠶᠠᠨᠲᠤᠤᠷᠠᠢ ᠬᠠᠤᠯᠢ ᠴᠠᠭᠠᠵᠠ ᠶᠢᠨ ᠭᠠᠵᠠᠷ᠂ | ᠳᠠᠯᠠᠶᠢᠬᠦ᠋ᠪ ᠬᠠᠤᠯᠢ ᠴᠠᠭᠠᠵᠠ ᠶᠢᠨ ᠭᠠᠵᠠᠷ᠂ ᠰᠠᠶᠢᠬᠠᠨᠲᠤᠤᠷᠠᠢ ᠬᠠᠤᠯᠢ ᠴᠠᠭᠠᠵᠠ ᠶᠢᠨ ᠭᠠᠵᠠᠷ᠂ | ᠳ᠋ᠦᠩ ᠹᠧᠩ ᠬᠠᠤᠯᠢ ᠴᠠᠭᠠᠵᠠ ᠶᠢᠨ ᠭᠠᠵᠠᠷ ᠢ ᠰᠤᠮᠤ ᠪᠠᠯᠭᠠᠰᠤᠨ ᠤ ᠱᠠᠲᠤᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠲᠤᠷᠰᠢᠯᠲᠠ ᠶᠢᠨ | ᠴᠡᠭ ᠪᠣᠯᠭᠠᠵᠤ᠂ ᠬᠤᠰᠢᠭᠤ᠂ ᠰᠤᠮᠤ ᠪᠠᠯᠭᠠᠰᠤ ᠬᠤᠶᠠᠷ ᠱᠠᠲᠤ ᠶᠢ ᠬᠠᠮᠤᠷᠤᠭᠰᠠᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ ᠤᠨ | ᠰᠢᠰᠲ᠋ᠧᠮ ᠢ ᠪᠠᠶᠢᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠵᠣᠬᠢᠴᠠᠭᠤᠯᠤᠨ | ᠬᠢᠨᠠᠯᠲᠠ ᠲᠠᠯᠪᠢᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠠᠷᠠᠳ | ᠣᠯᠠᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯᠲᠠᠨ ᠤ ᠬᠢᠷᠢ ᠬᠡᠮ ᠤᠨ ᠬᠠᠮᠢᠶᠠᠷᠤᠯᠲᠠ ᠪᠠ ᠦᠨᠡᠮᠯᠡᠯ ᠢᠶᠠᠷ ᠠᠵᠢᠯ ᠤᠨ ᠪᠠᠶᠢᠷᠢ ᠳᠤ ᠭᠠᠷᠬᠤ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ᠂ ᠠᠵᠢᠯ ᠠᠴᠠ ᠪᠠᠨ | ᠪᠠᠭᠤᠵᠤ ᠠᠮᠠᠷᠠᠬᠤ ᠵᠡᠷᠭᠡ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠳᠤ ᠪᠠᠶᠢᠬᠤ ᠦᠭᠡᠢ ᠠᠵᠢᠯᠲᠠᠨ ᠤ ᠬᠠᠤᠯᠢ ᠬᠡᠷᠡᠭᠵᠢᠭᠦᠯᠬᠦ | ᠦᠨᠡᠮᠯᠡᠯ ᠢ ᠴᠠᠭ ᠲᠤᠬᠠᠢ ᠳᠤ ᠨᠢ ᠢᠯᠭᠠᠷᠠᠭᠤᠯᠤᠨ ᠬᠦᠴᠦᠨ ᠦᠭᠡᠢ ᠪᠣᠯᠭᠠᠵᠤ᠂ ᠪᠣᠳᠠᠲᠤ ᠴᠣᠭᠴᠠ ᠪᠠ ᠡᠯᠧᠺᠲᠷᠣᠨ | ᠬᠠᠤᠯᠢ ᠬᠡᠷᠡᠭᠵᠢᠭᠦᠯᠬᠦ ᠦᠨᠡᠮᠯᠡᠯ ᠢ 274 ᠳᠡᠪᠲᠡᠷ ᠲᠠᠷᠬᠠᠭᠠᠨ᠎ᠠ᠃ ᠬᠤᠶᠠᠷ ᠲᠤ᠂ ᠬᠠᠤᠯᠢ ᠬᠡᠷᠡᠭᠵᠢᠭᠦᠯᠬᠦ | ᠪᠣᠳᠠᠲᠤ ᠶᠠᠪᠤᠳᠠᠯ ᠤᠨ ᠪᠣᠯᠪᠠᠰᠤᠷᠠᠯ ᠢ ᠴᠢᠩᠭᠠᠳᠬᠠᠵᠤ᠂ ᠬᠠᠤᠯᠢ ᠪᠠᠷ ᠵᠠᠰᠠᠬᠤ ᠤᠨᠤᠯ ᠤᠨ ᠲᠦᠪᠰᠢᠨ | ᠪᠣᠯᠤᠨ ᠪᠣᠳᠠᠲᠤ ᠶᠠᠪᠤᠳᠠᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ︽ᠡᠵᠡᠨ᠎ᠡ ᠬᠤᠰᠢᠭᠤᠨ ᠤ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠥᠮᠦᠵᠢᠯ ᠪᠣᠯᠪᠠᠰᠤᠷᠠᠭᠤᠯᠤᠯ ᠤᠨ ᠠᠵᠢᠯ ᠢ | ᠴᠢᠩᠭᠠᠳᠬᠠᠬᠤ ᠲᠥᠰᠦᠯ︾ ᠢ ᠳᠠᠷᠤᠮᠠᠯᠯᠠᠨ ᠲᠠᠷᠬᠠᠭᠠᠵᠤ᠂ 2023 ᠣᠨ ᠳᠤ ᠡᠭᠦᠯᠡᠨ | ᠲᠠᠪᠴᠠᠩ ᠳᠤ ᠲᠦᠰᠢᠭᠯᠡᠨ ᠪᠥᠬᠦ ᠬᠤᠰᠢᠭᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯᠲᠠᠨ ᠤ ᠰᠦᠯᠵᠢᠶᠡᠨ ᠳᠡᠭᠡᠷ᠎ᠡ ᠨᠡᠶᠢᠳᠡᠮ ᠬᠡᠷᠡᠭᠯᠡᠬᠦ ᠬᠠᠤᠯᠢ ᠴᠠᠭᠠᠵᠠ ᠶᠢᠨ ᠮᠡᠳᠡᠯᠭᠡ ᠶᠢᠨ | ᠪᠣᠯᠪᠠᠰᠤᠷᠠᠭᠤᠯᠤᠯ ᠪᠠ ᠠᠶᠢᠮᠠᠭ ᠤᠨ ᠨᠠᠮ ᠤᠨ ᠰᠤᠷᠭᠠᠭᠤᠯᠢ ᠶᠢᠨ ᠪᠠᠭᠰᠢ ᠵᠢᠴᠢ | ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ ᠶᠢ ᠤᠷᠢᠵᠤ ᠪᠥᠬᠦ ᠬᠤᠰᠢᠭᠤᠨ ᠤ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠪᠣᠯᠪᠠᠰᠤᠷᠠᠯ ᠤᠨ ᠠᠩᠭᠢ ᠥᠷᠨᠢᠭᠦᠯᠵᠦ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ | ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ᠂ | ᠲᠤᠰᠬᠠᠢ ᠵᠦᠢᠯ ᠢᠶᠠᠷ ᠬᠢᠨᠠᠯᠲᠠ ᠲᠠᠯᠪᠢᠬᠤ ᠪᠠ ᠵᠠᠰᠠᠭ ᠵᠠᠬᠢᠷᠭᠠᠨ ᠤ ᠵᠠᠷᠭᠤ ᠢᠯᠠᠭᠳᠠᠬᠤ᠂ ᠵᠠᠰᠠᠭ | ᠵᠠᠬᠢᠷᠭᠠᠨ ᠤ ᠳᠠᠬᠢᠨ ᠵᠥᠪᠯᠡᠬᠦ ᠶᠢᠨ ᠪᠤᠷᠤᠭᠤ ᠶᠢ ᠵᠠᠯᠠᠷᠠᠭᠤᠯᠤᠭᠰᠠᠨ ᠬᠡᠷᠡᠭ ᠲᠤ ᠣᠨᠴᠠᠭᠠᠶ | ᠬᠢᠨᠠᠯᠲᠠ ᠲᠠᠯᠪᠢᠬᠤ ᠶᠢ ᠥᠷᠨᠢᠭᠦᠯᠵᠦ᠂ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠪᠦᠬᠦᠯᠢ | ᠴᠣᠭᠴᠠ ᠶᠢᠨ ᠬᠢᠷᠢ ᠲᠦᠪᠰᠢᠨ ᠪᠠ ᠬᠠᠤᠯᠢ ᠬᠡᠷᠡᠭᠵᠢᠭᠦᠯᠬᠦ ᠶᠢ ᠵᠢᠷᠤᠮᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠭᠤᠷᠪᠠ ᠳᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠡᠵᠡᠩᠨᠡᠨ | ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ | ᠭᠡᠷᠡᠴᠢᠯᠡᠬᠦ ᠵᠦᠢᠯᠡᠰ ᠤᠨ ᠨᠠᠷᠢᠨ ᠲᠠᠩᠰᠠ ᠶᠢ ᠡᠮᠬᠢᠯᠡᠨ ᠳᠢᠭᠯᠡᠨ ᠲᠠᠨᠢᠵᠤ ᠠᠪᠬᠤ ᠪᠠ | ᠭᠡᠷᠡᠴᠢᠯᠡᠬᠦ ᠵᠦᠢᠯᠡᠰ ᠤᠨ ᠠᠮᠠᠯᠠᠯᠲᠠ ᠶᠢᠨ ᠮᠡᠳᠡᠭᠳᠡᠬᠦ ᠲᠦᠷᠢᠮ ᠤᠨ ᠵᠦᠢᠯᠡᠰ ᠢ ᠡᠮᠬᠢᠯᠡᠨ | ᠲᠠᠨᠢᠵᠤ ᠠᠪᠬᠤ ᠠᠵᠢᠯ ᠢ ᠥᠷᠨᠢᠭᠦᠯᠵᠦ᠂ ︽ᠡᠵᠡᠨ᠎ᠡ ᠬᠤᠰᠢᠭᠤᠨ ᠤ ᠬᠠᠳᠠᠭᠠᠯᠠᠭᠰᠠᠨ ᠭᠡᠷᠡᠴᠢᠯᠡᠬᠦ | ᠵᠦᠢᠯᠡᠰ ᠤᠨ ᠨᠠᠷᠢᠨ ᠲᠠᠩᠰᠠ︾᠂ ︽ᠡᠵᠡᠨ᠎ᠡ ᠬᠤᠰᠢᠭᠤᠨ ᠤ ᠭᠡᠷᠡᠴᠢᠯᠡᠬᠦ ᠵᠦᠢᠯᠡᠰ ᠤᠨ | ᠠᠮᠠᠯᠠᠯᠲᠠ ᠶᠢᠨ ᠮᠡᠳᠡᠭᠳᠡᠬᠦ ᠲᠦᠷᠢᠮ ᠤᠨ ᠨᠠᠷᠢᠨ ᠲᠠᠩᠰᠠ︾ ᠶᠢ ᠨᠡᠶᠢᠲᠡᠯᠡᠵᠦ᠂ | ᠭᠡᠷᠡᠴᠢᠯᠡᠬᠦ ᠵᠦᠢᠯᠡᠰ ᠢ ᠨᠡᠶᠢᠲᠡ 167 ᠵᠦᠢᠯ ᠡᠮᠬᠢᠯᠡᠨ ᠳᠢᠭᠯᠡᠵᠦ᠂ ᠡᠭᠦᠨ ᠳᠤ ᠰᠠᠯᠠᠭ᠎ᠠ | ᠮᠥᠴᠢᠷ 28 ᠵᠦᠢᠯ ᠢ ᠡᠮᠬᠢᠯᠡᠵᠦ᠂ ᠥᠪᠡᠷᠲᠡᠭᠡᠨ ᠵᠠᠰᠠᠬᠤ ᠣᠷᠣᠨ ᠤ ᠭᠡᠷᠡᠴᠢᠯᠡᠬᠦ ᠵᠦᠢᠯᠡᠰ ᠤᠨ ᠨᠠᠷᠢᠨ | ᠲᠠᠩᠰᠠ ᠶᠢ 139 ᠵᠦᠢᠯ ᠢ ᠳᠠᠭᠠᠭᠠᠨ ᠠᠪᠤᠪᠠ᠃ ᠥᠪᠡᠷᠲᠡᠭᠡᠨ ᠵᠠᠰᠠᠬᠤ ᠣᠷᠣᠨ ᠤ ᠭᠡᠷᠡᠴᠢᠯᠡᠬᠦ | ᠵᠦᠢᠯᠡᠰ ᠤᠨ ᠠᠮᠠᠯᠠᠯᠲᠠ ᠶᠢ ᠮᠡᠳᠡᠭᠳᠡᠬᠦ 20 ᠵᠦᠢᠯ ᠢ ᠡᠮᠬᠢᠯᠡᠨ ᠳᠢᠭᠯᠡᠬᠦ ᠪᠠ ᠳᠠᠭᠠᠭᠠᠨ ᠠᠪᠴᠤ᠂ | ᠡᠭᠦᠨ ᠳᠤ ᠰᠠᠯᠠᠭ᠎ᠠ ᠮᠥᠴᠢᠷ ᠤᠳ 1 ᠵᠦᠢᠯ ᠢ ᠡᠮᠬᠢᠯᠡᠨ ᠳᠢᠭᠯᠡᠵᠦ᠂ ᠥᠪᠡᠷᠲᠡᠭᠡᠨ ᠵᠠᠰᠠᠬᠤ ᠣᠷᠣᠨ ᠤ | ᠭᠡᠷᠡᠴᠢᠯᠡᠬᠦ ᠵᠦᠢᠯᠡᠰ ᠤᠨ 19 ᠵᠦᠢᠯ ᠢ ᠲᠠᠨᠢᠵᠤ ᠠᠪᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ | ᠳᠥᠷᠪᠡ ᠳᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ ᠳᠠᠩᠰᠠᠯᠠᠬᠤ ᠪᠠ | ᠢᠯᠭᠠᠷᠠᠭᠤᠯᠬᠤ ᠶᠢ ᠴᠢᠩᠳᠠᠯᠠᠵᠤ ᠂ ᠬᠠᠤᠯᠢ ᠶᠣᠰᠣᠭᠠᠷ ᠵᠠᠰᠠᠭ ᠶᠠᠪᠤᠭᠤᠯᠬᠤ ᠳᠦᠷᠢᠮ ᠢ | ᠲᠡᠭᠦᠯᠳᠡᠷᠵᠢᠭᠦᠯᠦᠨ᠎ᠡ ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠰᠠᠨᠠᠯ ᠬᠤᠷᠢᠶᠠᠬᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠤᠨ ᠬᠤᠷᠠᠯ ᠢᠶᠠᠷ ᠶᠠᠷᠢᠯᠴᠠᠨ ᠰᠤᠳᠤᠯᠬᠤ ᠵᠡᠷᠭᠡ ᠲᠠᠰ ᠳᠠᠷᠠᠭᠠᠯᠠᠯ ᠤᠨ | ᠶᠣᠰᠣᠭᠠᠷ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠵᠤ ᠳᠠᠷᠤᠮᠠᠯᠯᠠᠨ ᠲᠠᠷᠬᠠᠭᠠᠨ᠎ᠠ᠃ | ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠬᠢᠭᠡᠳ ᠬᠠᠤᠯᠢ ᠴᠠᠭᠠᠵᠠ ᠶᠢᠨ | ᠲᠣᠪᠴᠢᠶ᠎ᠠ ᠶᠢᠨ ᠬᠠᠮᠲᠤᠷᠠᠨ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠵᠤ᠂ ᠬᠠᠤᠯᠢ | ᠴᠠᠭᠠᠵᠠ ᠶᠢᠨ ᠵᠥᠪᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠲᠤᠰᠬᠠᠶ ᠮᠡᠷᠭᠡᠵᠢᠯ ᠤᠨ | ᠬᠠᠤᠯᠢ ᠴᠠᠭᠠᠵᠠ ᠶᠢᠨ ᠰᠠᠨᠠᠯ ᠪᠠ ᠰᠠᠨᠠᠭᠤᠯᠭ᠎ᠠ ᠬᠠᠩᠭᠠᠵᠤ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠶᠠᠰᠤ | ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠠᠤᠯᠢ ᠴᠠᠭᠠᠵᠠ ᠶᠢᠨ ᠲᠦᠭᠰᠢᠭᠦᠷᠢ ᠶᠢ ᠪᠠᠭᠤᠷᠠᠭᠤᠯᠤᠨ᠎ᠠ᠃ | ᠴᠢᠩᠭ᠎ᠠ ᠬᠢᠨᠠᠨ ᠪᠠᠶᠢᠴᠠᠭᠠᠭᠰᠠᠨ ᠰᠠᠭᠤᠷᠢᠨ ᠳᠡᠭᠡᠷ᠎ᠡ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ | ᠢᠯᠭᠠᠷᠠᠭᠤᠯᠤᠨ ᠳᠢᠭᠯᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ | 2023 ᠣᠨ ᠳᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ 23 ᠬᠤᠪᠢ ᠪᠥᠬᠦ ᠲᠠᠯ᠎ᠠ ᠪᠠᠷ ᠢᠯᠭᠠᠷᠠᠭᠤᠯᠤᠨ ᠴᠡᠪᠡᠷᠯᠡᠵᠦ᠂ | ᠢᠯᠭᠠᠷᠠᠭᠤᠯᠤᠨ ᠳᠢᠭᠯᠡᠭᠰᠡᠨ ᠦᠷ᠎ᠡ ᠳ᠋ᠦᠩ ᠢ ᠨᠡᠶᠢᠭᠡᠮ ᠳᠤ ᠨᠡᠶᠢᠲᠡᠯᠡᠨ᠎ᠡ᠃ | |