ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠡ ᠶᠢ | ᠦᠨᠳᠦᠰᠦᠯᠡᠪᠡᠯ᠂ 4 ᠳ᠋ᠦ᠋ᠭᠡᠷ ᠰᠠᠷ᠎ᠠ ᠶᠢᠨ ᠡᠬᠢᠨ ᠢᠶᠠᠷ ᠲᠦᠷᠭᠡᠨ ᠤ ᠵᠠᠰᠠᠮᠠᠯ ᠵᠠᠮ ᠤᠨ ᠬᠤᠷᠳᠤᠴᠠ ᠶᠢ ᠬᠢᠵᠠᠭᠠᠷᠯᠠᠬᠤ | ᠲᠣᠬᠢᠷᠠᠭᠤᠯᠤᠯᠲᠠ ᠶᠢ ᠪᠥᠬᠦ ᠲᠠᠯ᠎ᠠ ᠪᠠᠷ ᠡᠬᠢᠯᠡᠭᠦᠯᠦᠭᠰᠡᠨ ᠠᠴᠠ ᠨᠠᠭᠠᠰᠢ᠂ ᠮᠠᠨ ᠤ ᠣᠷᠣᠨ ᠨᠢᠭᠡᠨᠲᠡ 6 ᠪᠦᠯᠦᠭ 22 | ᠬᠡᠰᠡᠭ 3200 ᠭᠠᠷᠤᠢ ᠺᠢᠯᠣᠮᠧᠳ᠋ᠷ ᠤᠨ ᠲᠦᠷᠭᠡᠨ ᠤ ᠵᠠᠰᠠᠮᠠᠯ ᠵᠠᠮ ᠤᠨ ᠬᠤᠷᠳᠤᠴᠠ ᠶᠢ ᠬᠢᠵᠠᠭᠠᠷᠯᠠᠬᠤ | ᠲᠣᠬᠢᠷᠠᠭᠤᠯᠤᠯᠲᠠ ᠶᠢᠨ ᠠᠯᠪᠠᠨ ᠵᠠᠷ ᠨᠡᠶᠢᠲᠡᠯᠡᠵᠦ᠂ ᠵᠢᠱᠢᠯᠲᠡ ᠪᠠᠷ ︽5 · 1︾ ᠠᠴᠠ ᠡᠮᠦᠨ᠎ᠡ ᠮᠠᠨ ᠤ ᠣᠷᠣᠨ ᠤ | 120 ᠺᠢᠯᠣᠮᠧᠳ᠋ᠷ / ᠴᠠᠭ ᠤᠨ ᠬᠤᠷᠳᠤᠴᠠ ᠶᠢᠨ ᠬᠢᠵᠠᠭᠠᠷ ᠲᠠᠢ ᠠᠵᠢᠯᠯᠠᠭᠤᠯᠤᠨ ᠬᠠᠮᠢᠶᠠᠷᠴᠤ ᠪᠠᠶᠢᠭ᠎ᠠ ᠲᠦᠷᠭᠡᠨ ᠤ | ᠵᠠᠰᠠᠮᠠᠯ ᠵᠠᠮ 4600 ᠺᠢᠯᠣᠮᠧᠳ᠋ᠷ ᠢ ᠳᠠᠪᠠᠵᠤ᠂ ᠪᠥᠬᠦ ᠣᠷᠣᠨ ᠤ ᠲᠦᠷᠭᠡᠨ ᠤ ᠵᠠᠰᠠᠮᠠᠯ ᠵᠠᠮ ᠤᠨ ᠲᠡᠷᠭᠡ | ᠨᠡᠪᠲᠡᠷᠡᠭᠰᠡᠨ ᠵᠠᠮ ᠤᠨ 58% ᠶᠢ ᠡᠵᠡᠯᠡᠬᠦ ᠪᠣᠯᠣᠨ᠎ᠠ᠃ | ︽ᠲᠦᠷᠭᠡᠨ ᠤ ᠵᠠᠰᠠᠮᠠᠯ ᠵᠠᠮ ᠤᠨ ᠬᠤᠷᠳᠤᠴᠠ ᠶᠢ ᠳᠡᠭᠡᠭᠰᠢᠯᠡᠭᠦᠯᠬᠦ ᠨᠢ ᠬᠤᠷᠳᠤᠴᠠ ᠶᠢ ᠬᠢᠵᠠᠭᠠᠷᠯᠠᠬᠤ ᠲᠡᠮᠳᠡᠭ ᠢ | ᠲᠣᠬᠢᠷᠠᠭᠤᠯᠬᠤ ᠶᠠᠪᠤᠳᠠᠯ ᠲᠡᠳᠦᠢ ᠪᠢᠰᠢ᠂ ᠬᠠᠷᠢᠨ ᠮᠡᠷᠭᠡᠵᠢᠯ ᠤᠨ ᠦᠨᠡᠯᠡᠯᠲᠡ ᠬᠢᠬᠦ᠂ ᠳᠤᠲᠠᠭᠳᠠᠯ ᠢ ᠰᠢᠢᠳᠪᠦᠷᠢᠯᠡᠬᠦ᠂ | ᠪᠡᠯᠡᠳᠬᠡᠮᠵᠢ ᠶᠢ ᠲᠡᠭᠦᠯᠳᠡᠷᠵᠢᠭᠦᠯᠬᠦ᠂ ᠲᠤᠬᠠᠢ ᠶᠢᠨ ᠭᠠᠵᠠᠷ ᠲᠤ ᠨᠤᠲᠠᠯᠠᠬᠤ᠂ ᠨᠡᠶᠢᠲᠡ ᠳᠤ ᠵᠠᠷᠯᠠᠨ ᠠᠵᠢᠯᠯᠠᠭᠤᠯᠬᠤ | ᠬᠡᠷᠡᠭᠲᠡᠢ᠃︾ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠭᠤᠣ ᠱᠢ ᠴᠢᠨ ᠲᠠᠨᠢᠯᠴᠠᠭᠤᠯᠤᠭᠰᠠᠨ ᠨᠢ᠂ 6 | ᠪᠦᠯᠦᠭ ᠬᠤᠷᠳᠤᠴᠠ ᠶᠢ ᠳᠡᠭᠡᠭᠰᠢᠯᠡᠭᠦᠯᠦᠭᠰᠡᠨ ᠵᠠᠮ ᠤᠨ ᠬᠡᠰᠡᠭ ᠲᠤ᠂ ᠨᠡᠶᠢᠲᠡ 2.3 ᠲᠦᠮᠡᠨ ᠭᠤᠣᠯ ᠫᠠᠷᠠᠮᠧᠳ᠋ᠷ ᠢ | ᠬᠠᠷᠭᠤᠭᠤᠯᠵᠤ᠂ ᠠᠳᠡᠯ ᠤᠨ ᠪᠦᠷᠢᠳᠬᠡᠯ ᠤᠨ ᠮᠠᠲ᠋ᠧᠷᠢᠶᠠᠯ ᠪᠠ ᠵᠠᠮ ᠬᠠᠷᠢᠯᠴᠠᠭᠠᠨ ᠤ ᠤᠷᠤᠰᠬᠠᠯ ᠤᠨ ᠳ᠋ᠠᠶᠢᠲ᠋ᠠ ᠶᠢ | 2000 ᠭᠠᠷᠤᠢ ᠵᠤᠷᠪᠤᠰ ᠬᠠᠷᠭᠤᠭᠤᠯᠵᠤ᠂ ᠵᠠᠮ ᠤᠨ ᠠᠩᠭᠠᠷᠬᠠᠢ ᠶᠢ 317 ᠲᠦᠮᠡᠨ ᠰᠤᠨᠤᠮᠠᠯ ᠮᠧᠳ᠋ᠷ ᠪᠥᠭᠯᠡᠵᠦ᠂ | ᠴᠥᠮᠥᠷᠡᠭᠰᠡᠨ ᠬᠤᠲᠦ᠋ᠢᠭ᠌ᠰᠠᠨ ᠬᠡᠰᠡᠭ ᠢ 1.5 ᠲᠦᠮᠡᠨ ᠺᠦᠸᠠᠲ ᠮᠧᠳ᠋ᠷ ᠵᠠᠰᠠᠵᠤ᠂ ᠬᠥᠭᠦᠷᠭᠡᠨ ᠤ ᠦᠵᠦᠭᠦᠷ ᠤᠨ | ᠲᠡᠷᠭᠡ ᠬᠠᠷᠠᠶᠢᠬᠤ ᠬᠡᠰᠡᠭ ᠢ 39 ᠰᠢᠢᠳᠪᠦᠷᠢᠯᠡᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠪᠡᠯᠡᠳᠬᠡᠮᠵᠢ ᠶᠢ | 3250 ᠲᠡᠭᠦᠯᠳᠡᠷᠵᠢᠭᠦᠯᠵᠦ᠂ 3067 ᠲᠡᠮᠳᠡᠭ ᠢ ᠰᠢᠨ᠎ᠡ ᠪᠠᠷ ᠨᠡᠮᠡᠭᠰᠡᠨ ᠪᠤᠶᠤ ᠵᠠᠰᠠᠨ ᠰᠣᠯᠢᠵᠤ᠂ 1.07 | ᠲᠦᠮᠡᠨ ᠺᠦᠸᠠᠲ ᠮᠧᠳ᠋ᠷ ᠱᠤᠭᠤᠮ ᠵᠢᠷᠤᠵᠠᠢ᠃ ︽ᠳᠠᠷᠠᠭ᠎ᠠ ᠪᠠᠷ ᠪᠢᠳᠡ ᠠᠮᠤᠷ ᠲᠦᠪᠰᠢᠨ ᠤ ᠲᠠᠯ᠎ᠠ ᠠᠴᠠ | ᠲᠤᠬᠠᠢ ᠶᠢᠨ ᠲᠠᠯᠠᠪᠤᠷ ᠤᠨ ᠬᠢᠨᠠᠨ ᠪᠠᠶᠢᠴᠠᠭᠠᠯᠲᠠ ᠪᠠ ᠰᠡᠭᠦᠯᠴᠢ ᠶᠢᠨ ᠦᠨᠡᠯᠡᠨ ᠵᠢᠱᠢᠯᠲᠡ ᠶᠢ ᠭᠤᠣᠯᠳᠠᠯᠭ᠎ᠠ ᠲᠠᠢ | ᠥᠷᠨᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠪᠡᠯᠡᠳᠬᠡᠮᠵᠢ ᠶᠢ ᠤᠯᠠᠮ ᠨᠢᠭᠡ | ᠠᠯᠬᠤᠮ ᠲᠡᠭᠦᠯᠳᠡᠷᠵᠢᠭᠦᠯᠦᠨ᠂ ᠨᠢᠭᠡ ᠨᠢ ᠪᠣᠯᠪᠠᠰᠤᠷᠠᠩᠭᠤᠢ ᠪᠣᠯᠪᠠᠯ ᠲᠡᠭᠦᠨ ᠢᠶᠠᠨ ᠵᠠᠷᠯᠠᠨ ᠬᠡᠷᠡᠭᠵᠢᠭᠦᠯᠵᠦ ᠠᠮᠤᠷ | ᠲᠦᠪᠰᠢᠨ ᠪᠠᠶᠢᠯᠭᠠᠬᠤ ᠶᠢ ᠦᠨᠡᠨ ᠬᠦ ᠪᠠᠲᠤᠯᠠᠨ᠎ᠠ᠃︾ ᠭᠡᠵᠦ ᠭᠤᠤ ᠱᠢ ᠴᠢᠨ ᠬᠡᠯᠡᠪᠡ᠃ |