ᠨᠢᠭᠡᠳᠦᠭᠡᠷ ᠤᠯᠠᠷᠢᠯ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠢ ᠦᠷᠭᠦᠯᠵᠢᠯᠡᠨ ᠰᠠᠶᠢᠵᠢᠷᠠᠬᠤ ᠬᠠᠨᠳᠤᠰᠢ ᠲᠠᠢ ᠪᠠᠶᠢᠵᠤ ᠪᠥᠬᠦ ᠣᠷᠣᠨ ᠤ ᠶᠡᠷᠦᠩᠬᠡᠢ ᠲᠡᠭᠡᠭᠡᠪᠦᠷᠢᠯᠡᠭᠰᠡᠨ ᠠᠴᠢᠶ᠎ᠠ ᠲᠡᠭᠡᠭᠡᠪᠦᠷᠢ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 11.2%᠎ ᠢᠶᠠᠷ ᠨᠡᠮᠡᠭᠳᠡᠪᠡ
ᠨᠡᠶᠢᠲᠡᠯᠡᠭᠰᠡᠨ ᠴᠠᠭ᠄
2024/4/28
    ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠡᠨ ᠠᠴᠠ ᠦᠨᠳᠦᠰᠦᠯᠡᠪᠡᠯ᠂ ᠨᠢᠭᠡᠳᠦᠭᠡᠷ ᠤᠯᠠᠷᠢᠯ ᠳᠤ ᠪᠥᠬᠦ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠢ ᠦᠷᠭᠦᠯᠵᠢᠯᠡᠨ ᠰᠠᠶᠢᠵᠢᠷᠠᠬᠤ ᠬᠠᠨᠳᠤᠰᠢ ᠲᠠᠢ ᠪᠠᠶᠢᠵᠤ᠂ ᠠᠴᠢᠶ᠎ᠠ ᠲᠡᠭᠡᠭᠡᠪᠦᠷᠢ ᠶᠢᠨ ᠬᠡᠮᠵᠢᠶ᠎ᠡ ᠨᠡᠯᠢᠶᠡᠳ ᠲᠦᠷᠭᠡᠨ ᠨᠡᠮᠡᠭᠳᠡᠯ ᠢᠶᠠᠨ ᠪᠠᠲᠤᠯᠠᠵᠤ᠂ ᠵᠠᠮ ᠬᠠᠷᠢᠯᠴᠠᠭ᠎ᠠ ᠪᠠᠷᠠᠭᠠᠨ ᠤ ᠭᠦᠢᠯᠭᠡᠭᠡᠨ ᠤ ᠦᠢᠯᠡᠰ ᠤᠨ ᠥᠪᠡᠷ ᠤᠨ ᠥᠷᠲᠡᠭ ᠢ ᠪᠠᠭᠤᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠪᠠ᠃    ᠨᠢᠭᠡᠳᠦᠭᠡᠷ ᠤᠯᠠᠷᠢᠯ ᠳᠤ᠂ ᠪᠥᠬᠦ ᠣᠷᠣᠨ ᠤ ᠶᠡᠷᠦᠩᠬᠡᠢ ᠲᠡᠭᠡᠭᠡᠪᠦᠷᠢᠯᠡᠭᠰᠡᠨ ᠠᠴᠢᠶ᠎ᠠ ᠲᠡᠭᠡᠭᠡᠪᠦᠷᠢ ᠶᠢᠨ ᠬᠡᠮᠵᠢᠶ᠎ᠡ 5.8 ᠳ᠋ᠦᠩᠰᠢᠭᠤᠷ ᠲᠣᠨ᠂ ᠪᠠᠷᠠᠭᠠᠨ ᠤ ᠡᠷᠭᠢᠯᠲᠡ ᠶᠢᠨ ᠬᠡᠮᠵᠢᠶ᠎ᠡ 1339.9 ᠳ᠋ᠦᠩᠰᠢᠭᠤᠷ ᠲᠣᠨ ᠺᠢᠯᠣᠮᠧᠳ᠋ᠷ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 11.2% ᠪᠠ 4.2%᠎ ᠢᠶᠠᠷ ᠨᠡᠮᠡᠭᠳᠡᠨ᠂ 2019 ᠣᠨ ᠤ ᠠᠳᠠᠯᠢ ᠬᠤᠭᠤᠴᠠᠭᠠᠨ ᠤ ᠬᠢ ᠠᠴᠠ 34.2% ᠪᠠ 29%᠎ ᠪᠠᠷ ᠨᠡᠮᠡᠭᠳᠡᠪᠡ᠃ ᠶᠡᠷᠦᠩᠬᠡᠢ ᠠᠶᠠᠨᠴᠢᠳ ᠲᠡᠭᠡᠭᠡᠪᠦᠷᠢ ᠶᠢᠨ ᠬᠡᠮᠵᠢᠶ᠎ᠡ ᠶᠢ 2219.1 ᠲᠦᠮᠡᠨ ᠬᠥᠮᠥᠨ ᠤᠳᠠᠭ᠎ᠠ ᠪᠡᠶᠡᠯᠡᠭᠦᠯᠵᠦ᠂ ᠠᠶᠠᠨᠴᠢᠳ ᠤᠨ ᠡᠷᠭᠢᠯᠲᠡ ᠶᠢᠨ ᠬᠡᠮᠵᠢᠶ᠎ᠡ ᠶᠢ 52.3 ᠳ᠋ᠦᠩᠰᠢᠭᠤᠷ ᠬᠥᠮᠥᠨ ᠺᠢᠯᠣᠮᠧᠳ᠋ᠷ ᠲᠤ ᠬᠦᠷᠭᠡᠵᠦ᠂ ᠠᠳᠠᠯᠢ ᠬᠤᠭᠤᠴᠠᠭᠠᠨ ᠤ ᠬᠢ ᠠᠴᠠ 39% ᠪᠠ 31%᠎ ᠪᠠᠷ ᠨᠡᠮᠡᠭᠳᠡᠭᠦᠯᠪᠡ᠃    ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠰᠠᠭᠤᠷᠢ ᠪᠡᠯᠡᠳᠬᠡᠮᠵᠢ ᠳᠤ 34.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠃ ᠡᠭᠦᠨ ᠳᠤ᠂ ᠵᠠᠰᠠᠮᠠᠯ ᠵᠠᠮ ᠤᠰᠤᠨ ᠵᠠᠮ ᠳᠤ 20.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 21 ᠭᠤᠣᠯᠳᠠᠯᠭ᠎ᠠ ᠲᠠᠢ ᠵᠠᠰᠠᠮᠠᠯ ᠵᠠᠮ ᠤᠨ ᠲᠦᠰᠦᠯ ᠤᠨ 1470 ᠺᠢᠯᠣᠮᠧᠳ᠋ᠷ ᠤᠨ ᠪᠠᠷᠢᠯᠭ᠎ᠠ ᠶᠢᠨ ᠠᠵᠢᠯ ᠢ ᠰᠡᠷᠭᠦᠭᠡᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ 371 ᠺᠢᠯᠣᠮᠧᠳ᠋ᠷ ᠤᠨ ᠪᠠᠷᠢᠯᠭ᠎ᠠ᠂ ᠵᠢᠭᠤᠯᠴᠢᠯᠠᠯ ᠤᠨ ᠵᠠᠮ᠂ ᠠᠵᠤ ᠦᠢᠯᠡᠰ ᠤᠨ ᠵᠠᠮ ᠤᠨ 296 ᠺᠢᠯᠣᠮᠧᠳ᠋ᠷ ᠤᠨ ᠪᠠᠷᠢᠯᠭ᠎ᠠ ᠶᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠪᠠ︔ ᠲᠡᠮᠦᠷ ᠵᠠᠮ ᠳᠤ 12.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠤᠯᠠᠭᠠᠨᠴᠠᠪ ᠠᠴᠠ ᠳ᠋ᠠᠲ᠋ᠦ᠋ᠩ ᠬᠦᠷᠬᠦ ᠲᠦᠷᠭᠡᠨ ᠤ ᠲᠡᠮᠦᠷ ᠵᠠᠮ᠂ ᠪᠤᠭᠤᠲᠤ ᠠᠴᠠ ᠢᠷᠭᠠᠢ ᠬᠦᠷᠬᠦ ᠲᠦᠷᠭᠡᠨ ᠤ ᠲᠡᠮᠦᠷ ᠵᠠᠮ᠂ ᠲᠠᠶᠢᠽᠢ ᠠᠴᠠ ᠰᠢᠯᠢ ᠶᠢᠨ ᠬᠤᠲᠠ ᠬᠦᠷᠬᠦ ᠲᠡᠮᠦᠷ ᠵᠠᠮ ᠬᠢᠭᠡᠳ ᠵᠢᠨᠢᠩ ᠠᠴᠠ ᠲᠦᠩᠯᠢᠶᠣᠣ ᠬᠦᠷᠬᠦ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢᠨ ᠲᠦᠰᠦᠯ ᠤᠨ ᠠᠵᠢᠯ ᠢ ᠰᠡᠷᠭᠦᠭᠡᠪᠡ︔ ᠠᠷᠠᠳ ᠤᠨ ᠠᠭᠠᠷ ᠤᠨ ᠲᠡᠭᠡᠭᠡᠪᠦᠷᠢ ᠳᠤ 2.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ᠂ ᠤᠯᠠᠭᠠᠨᠴᠠᠪ ᠤᠨ ᠨᠢᠰᠬᠡᠯ ᠤᠨ ᠪᠠᠭᠤᠳᠠᠯ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠢᠨᠵᠧᠨᠧᠷᠢᠩ ᠵᠡᠷᠭᠡ 4 ᠲᠦᠰᠦᠯ ᠤᠨ ᠠᠵᠢᠯ ᠢ ᠰᠡᠷᠭᠦᠭᠡᠵᠡᠢ᠃    ᠵᠠᠮ ᠬᠠᠷᠢᠯᠴᠠᠭ᠎ᠠ ᠲᠡᠭᠡᠭᠡᠪᠦᠷᠢ ᠶᠢᠨ ᠪᠣᠬᠢᠷᠲᠤᠯ ᠦᠭᠡᠢ ᠪᠠᠷ ᠲᠠᠰ ᠳᠡᠪᠰᠢᠭᠦᠯᠦᠨ ᠬᠡᠯᠪᠡᠷᠢ ᠪᠠᠨ ᠬᠤᠪᠢᠷᠠᠭᠤᠯᠬᠤ ᠬᠤᠷᠳᠤᠴᠠ ᠲᠦᠷᠭᠡᠳᠴᠦ᠂ ᠲᠦᠷᠢᠶᠡᠰᠦᠨ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠣᠯᠢᠬᠤ ᠥᠷᠲᠡᠭᠡ 2᠂ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠴᠡᠨᠡᠭᠯᠡᠬᠦ ᠫᠤᠤ 305᠎ ᠶᠢ ᠰᠢᠨ᠎ᠡ ᠪᠠᠷ ᠪᠠᠶᠢᠭᠤᠯᠵᠤ᠂ ᠠᠶᠢᠮᠠᠭ ᠬᠤᠲᠠ ᠶᠢᠨ ᠭᠤᠣᠯ ᠬᠤᠲᠠ ᠶᠢᠨ ᠲᠣᠭᠤᠷᠢᠭ ᠠᠴᠠ ᠭᠠᠳᠠᠨ᠎ᠠ ᠨᠡᠶᠢᠲᠡ 10490 ᠴᠠᠬᠢᠯᠭᠠᠨ ᠴᠡᠨᠡᠭᠯᠡᠬᠦ ᠫᠤᠤ ᠪᠠᠶᠢᠭᠤᠯᠪᠠ᠃ ᠪᠥᠬᠦ ᠤᠯᠤᠰ ᠲᠤ AGV ᠬᠢᠯᠢ ᠠᠯᠤᠰᠯᠠᠨ ᠪᠣᠭᠤᠮᠲᠠ ᠥᠩᠭᠡᠷᠡᠬᠦ ᠵᠠᠭᠪᠤᠷ ᠢ ᠠᠩᠬ᠎ᠠ ᠡᠭᠦᠳᠪᠡ — ᠭᠠᠭᠴᠠᠮᠣᠳᠤ᠂ ᠴᠡᠭᠡ ᠪᠣᠭᠤᠮᠲᠠ ᠶᠢᠨ AGV ᠲᠦᠰᠦᠯ ᠤᠨ ᠲᠡᠭᠡᠭᠡᠪᠦᠷᠢ ᠶᠢᠨ ᠬᠡᠮᠵᠢᠶ᠎ᠡ 111 ᠲᠦᠮᠡᠨ ᠲᠣᠨ ᠳᠤ ᠬᠦᠷᠴᠦ᠂ ᠨᠢᠳᠤᠨᠤᠨ ᠤ ᠲᠡᠭᠡᠭᠡᠪᠦᠷᠢ ᠶᠢᠨ ᠶᠡᠷᠦᠩᠬᠡᠢ ᠬᠡᠮᠵᠢᠶ᠎ᠡ ᠶᠢᠨ 31%᠎ ᠳᠤ ᠬᠥᠷᠪᠡ᠃ ᠣᠷᠳᠣᠰ ᠤᠨ ᠣᠶᠤᠨᠲᠤ ᠪᠣᠳᠠᠰ ᠤᠨ ᠬᠤᠯᠪᠣᠭ᠎ᠠ ᠶᠢᠨ ᠲᠠᠪᠴᠠᠩ᠂ ᠭᠦᠸᠧ ᠨᠧᠩ ᠰᠢᠨ ᠱᠦᠸᠧ ᠲᠡᠮᠦᠷ ᠵᠠᠮ ᠤᠨ ᠨᠤᠨᠳᠠᠭ ᠨᠡᠭᠦᠷᠡᠰᠦᠨ ᠦᠨᠡᠰᠦ ︽ᠵᠠᠰᠠᠮᠠᠯ ᠵᠠᠮ ᠲᠡᠮᠦᠷ ᠵᠠᠮ︾᠎ ᠤᠨ ᠬᠠᠮᠲᠤᠷᠠᠭᠰᠠᠨ ᠲᠡᠭᠡᠭᠡᠪᠦᠷᠢ ᠶᠢᠨ 2 ᠲᠦᠰᠦᠯ ᠪᠥᠬᠦ ᠤᠯᠤᠰ ᠤᠨ ᠲᠦᠷᠦᠭᠦᠤ ᠪᠦᠯᠦᠭ ᠤᠨ 30 ︽ᠪᠣᠬᠢᠷᠲᠤᠯ ᠦᠭᠡᠢ ᠪᠠᠷᠠᠭᠠᠨ ᠤ ᠭᠦᠢᠯᠭᠡᠭᠡᠨ ᠤ ᠵᠢᠱᠢᠶ᠎ᠡ ᠦᠵᠡᠭᠦᠯᠬᠦ ᠬᠡᠷᠡᠭ︾᠎ ᠢᠶᠠᠷ ᠰᠣᠩᠭᠤᠭᠳᠠᠪᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号