ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶ᠎ᠠ᠄ ᠠᠷᠠᠳ ᠣᠯᠠᠨ ᠤ ︽ᠵᠣᠪᠠᠨᠢᠯ ᠢ ᠠᠷᠢᠯᠭᠠᠭᠴᠢ︾ ᠪᠣᠯᠤᠨ᠎ᠠ
ᠨᠡᠶᠢᠲᠡᠯᠡᠭᠰᠡᠨ ᠴᠠᠭ᠄
2024/4/28
    ᠣᠳᠣᠬᠠᠨ ᠳᠤ ᠮᠠᠨ ᠤ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠶᠠᠮᠠᠷ ᠪᠤᠢ︖ ᠥᠨᠥ ᠵᠢᠯ ᠮᠠᠨ ᠤ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠭᠤᠤᠯᠳᠠᠯᠭ᠎ᠠ ᠲᠠᠢ ᠠᠵᠢᠯ ᠶᠠᠭᠤ ᠶᠠᠭᠤ ᠪᠠᠶᠢᠬᠤ ᠪᠣᠶ︖ ᠠᠯᠠᠱᠠ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠤ ᠳᠠᠷᠤᠭ᠎ᠠ ᠸᠠᠩ ᠳ᠋ᠦᠩ ᠬᠠᠮᠢᠶ᠎ᠠ ᠪᠥᠬᠦᠶ ᠠᠰᠠᠭᠤᠳᠠᠯ ᠤᠨ ᠲᠤᠬᠠᠶ ᠶᠠᠷᠢᠯᠴᠠᠪᠠ᠃     ᠬᠥᠲᠥᠯᠥᠭᠴᠢ᠄ ᠣᠳᠣᠬᠠᠨ ᠳᠤ ᠮᠠᠨ ᠤ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠶᠠᠮᠠᠷ ᠪᠤᠢ︖     ᠸᠠᠩ ᠳ᠋ᠦᠩ᠄ ᠣᠶᠢᠷ᠎ᠠ ᠶᠢᠨ ᠵᠢᠯ ᠳᠤ᠂ ᠮᠠᠨ ᠤ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠳᠠᠯ ᠶᠡᠷᠦᠩᠬᠡᠶ ᠳᠡᠭᠡᠨ ᠲᠣᠭᠲᠠᠭᠤᠨ ᠪᠣᠯᠪᠠᠴᠤ ᠲᠡᠶᠢᠮᠦ ᠰᠠᠶᠢᠨ ᠪᠢᠰᠢ ᠪᠠᠶᠢᠨ᠎ᠠ᠃ ᠣᠳᠣᠬᠠᠨ ᠳᠤ᠂ ᠮᠠᠨ ᠤ ᠠᠶᠢᠮᠠᠭ ᠤᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠨᠢ ᠭᠤᠣᠯᠳᠠᠭᠤ ᠬᠥᠳᠡᠯᠮᠦᠷᠢ ᠶᠢᠨ ᠪᠠᠲᠤᠯᠠᠭ᠎ᠠ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠬᠦᠳᠡᠭᠡ ᠠᠵᠤ ᠠᠬᠤᠢ᠂ ᠪᠠᠶᠢᠭᠠᠯᠢ ᠶᠢᠨ ᠡᠬᠢ ᠪᠠᠶᠠᠯᠢᠭ ᠪᠠ ᠬᠠᠤᠯᠢ ᠳᠤ ᠬᠤᠯᠪᠣᠭᠳᠠᠭᠰᠠᠨ ᠵᠠᠭᠠᠯᠳᠤᠯᠭ᠎ᠠ ᠵᠡᠷᠭᠡ ᠲᠠᠯ᠎ᠠ ᠳᠤ ᠲᠥᠪᠯᠡᠷᠡᠵᠦ᠂ ᠳᠥᠷᠪᠡᠨ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠢ ᠬᠡᠮᠵᠢᠶᠡᠨ ᠤ 70 % ᠣᠷᠴᠢᠮ ᠢ ᠡᠵᠡᠯᠡᠵᠦ᠂ ᠬᠤᠰᠢᠭᠤ ᠤᠷᠤᠨ ᠪᠠ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠠᠩᠬᠠᠷᠤᠯ ᠢ ᠲᠠᠲᠠᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠵᠥᠷᠢᠴᠡᠯ ᠢ ᠢᠳᠡᠪᠬᠢᠲᠡᠢ ᠰᠢᠢᠳᠪᠦᠷᠢᠯᠡᠬᠦ ᠴᠢᠬᠤᠯᠠᠲᠠᠢ᠃     ᠬᠥᠲᠥᠯᠥᠭᠴᠢ᠄ ᠡᠨᠡ ᠵᠢᠯ ᠪᠦᠬᠦ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠭᠤᠤᠯᠳᠠᠯᠭ᠎ᠠ ᠲᠠᠢ ᠠᠵᠢᠯ ᠶᠠᠭᠤ ᠶᠠᠭᠤ ᠪᠠᠶᠢᠬᠤ ᠪᠣᠶ︖     ᠸᠠᠩ ᠳ᠋ᠦᠩ᠄ 2024 ᠣᠨ ᠳᠤ᠂ ᠪᠦᠬᠦ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠨᠢ ᠰᠢᠨ᠎ᠡ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ︾᠎ ᠢ ᠨᠠᠶᠢᠳᠠᠪᠤᠷᠢᠵᠢᠭᠤᠯᠬᠤ᠂ ᠬᠠᠥᠯᠢ ᠪᠠᠷ ᠵᠠᠰᠠᠬᠤ ᠶᠢ ᠠᠬᠢᠭᠤᠯᠬᠤ᠂ ᠶᠡᠭᠡ ᠪᠠᠶᠢᠷᠢᠰᠢᠯ ᠢ ᠪᠠᠶᠢᠭᠤᠯᠬᠤ ᠪᠠᠷ ᠭᠤᠣᠯ ᠱᠤᠭᠤᠮ ᠪᠣᠯᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠲᠤᠬᠠᠶᠢᠯᠠᠭᠰᠠᠨ ᠠᠵᠢᠯ ᠢ ᠵᠢᠷᠤᠮᠵᠢᠭᠤᠯᠬᠤ ᠪᠠᠶᠢᠭᠤᠯᠤᠯᠲᠠ ᠶᠢ ᠦᠨᠡᠯᠡᠨ ᠪᠠᠶᠢᠴᠠᠭᠠᠬᠤ᠂ ᠶᠡᠭᠡ ᠰᠢᠮᠳᠠᠭᠤᠯᠤᠨ ᠪᠠᠶᠢᠴᠠᠭᠠᠯᠲᠠ ᠶᠡᠭᠡ ᠰᠤᠷᠪᠤᠯᠵᠢᠯᠠᠭ᠎ᠠ ᠶᠢ ᠬᠦᠯᠢᠶᠡᠨ ᠠᠪᠬᠤ ᠶᠡᠭᠡ ᠪᠠᠶᠢᠴᠠᠭᠠᠨ ᠰᠤᠳᠤᠯᠤᠯᠲᠠ᠂ ︽ᠬᠠᠮᠤᠭ ᠤᠨ ᠰᠢᠯᠢᠳᠡᠭ ᠵᠠᠬᠢᠳᠠᠯ ᠰᠤᠷᠪᠤᠯᠵᠢᠯᠠᠭ᠎ᠠ ᠶᠢᠨ ᠺᠠᠳ᠋ᠷ ᠢ ᠡᠷᠢᠬᠦ︾ ᠭᠤᠷᠪᠠᠨ ᠵᠦᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠰᠠᠯᠠᠭ᠎ᠠ ᠮᠥᠴᠢᠷ ᠤᠨ ᠤᠯᠤᠰ ᠲᠦᠷᠦ ᠶᠢᠨ ᠪᠠᠶᠢᠭᠤᠯᠭ᠎ᠠ ᠶᠢ ᠪᠠᠶᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠥᠯᠢ ᠪᠠᠷ ᠵᠠᠰᠠᠬᠤ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠡᠬᠢ ᠡᠭᠦᠰᠦᠯ ᠠᠴᠠ ᠨᠢ ᠵᠠᠰᠠᠬᠤ ᠪᠠ ᠳᠠᠷᠤᠭᠳᠠᠮᠠᠯ ᠬᠡᠷᠡᠭ ᠢ ᠰᠢᠢᠳᠪᠦᠷᠢᠯᠡᠬᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠭᠤᠯᠣᠯ ᠲᠣᠭᠲᠠᠴᠠ ᠶᠢᠨ ᠥᠭᠡᠷᠡᠴᠢᠯᠡᠯᠲᠡ᠂ ᠵᠠᠬᠢᠳᠠᠯ ᠰᠤᠷᠪᠤᠯᠵᠢᠯᠠᠭ᠎ᠠ ᠶᠢᠨ ᠺᠠᠳ᠋ᠷ ᠤᠨ ᠡᠩᠨᠡᠭᠡᠨ ᠤ ᠪᠠᠶᠢᠭᠤᠯᠤᠯᠲᠠ ᠵᠡᠷᠭᠡ ᠭᠤᠣᠯᠳᠠᠯᠭ᠎ᠠ ᠲᠠᠢ ᠡᠭᠦᠷᠭᠡ ᠶᠢ ᠬᠦᠴᠦᠯᠡᠨ ᠠᠬᠢᠭᠤᠯᠤᠨ᠎ᠠ᠃     ᠬᠥᠲᠥᠯᠥᠭᠴᠢ᠄ ᠡᠨᠡ ᠵᠢᠯ ᠮᠠᠨ ᠤ ᠠᠶᠢᠮᠠᠭ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠡᠷᠬᠢᠨ ᠬᠠᠥᠯᠢ ᠪᠠᠷ ᠵᠠᠰᠠᠬᠤ ᠪᠣᠶ︖     ᠸᠠᠩ ᠳ᠋ᠦᠩ᠄ ᠣᠳᠣᠬᠠᠨ ᠳᠤ᠂ ᠮᠠᠨ ᠤ ᠠᠶᠢᠮᠠᠭ ᠨᠢᠭᠡᠨᠲᠡ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢ ᠪᠠᠷ ᠵᠠᠰᠠᠬᠤ ᠠᠵᠢᠯ ᠤᠨ ᠲᠤᠰᠬᠠᠶ ᠠᠩᠭᠢ ᠪᠠᠶᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠤᠰᠬᠠᠶ ᠮᠡᠷᠭᠡᠵᠢᠯᠲᠡᠨ ᠤ ᠬᠥᠮᠥᠷᠭᠡ ᠪᠠᠶᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠠᠮᠲᠤᠷᠠᠨ ᠬᠢᠨᠠᠬᠤ ᠲᠣᠭᠲᠠᠴᠠ ᠶᠢ ᠪᠠᠶᠢᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠬᠤ ᠶᠢᠨ ᠬᠠᠮᠲᠤ ᠡᠨᠡ ᠵᠢᠯ ᠢ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠣᠨ︾᠎ ᠢᠶᠠᠷ ᠲᠣᠭᠲᠠᠭᠠᠪᠠ᠃ ᠨᠢᠭᠡ ᠲᠠᠯ᠎ᠠ ᠪᠠᠷ᠂ ᠵᠠᠬᠢᠳᠠᠯ ᠰᠤᠷᠪᠤᠯᠵᠢᠯᠠᠭ᠎ᠠ ᠶᠢᠨ ᠲᠤᠬᠠᠶᠢᠯᠠᠭᠰᠠᠨ ᠠᠵᠢᠯ ᠢ ᠵᠢᠷᠤᠮᠵᠢᠭᠤᠯᠤᠨ ᠦᠨᠡᠯᠡᠨ ᠪᠠᠶᠢᠴᠠᠭᠠᠬᠤ ᠠᠵᠢᠯ ᠢ ᠥᠷᠨᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠠᠨ ᠠᠪᠴᠤ ᠰᠢᠢᠳᠪᠦᠷᠢᠯᠡᠬᠦ ᠶᠠᠪᠤᠴᠠ ᠳᠠᠬᠢ ᠲᠤᠪᠤᠶᠢᠮ᠎ᠠ ᠠᠰᠠᠭᠤᠳᠠᠯ ᠤᠨ ᠲᠣᠭᠤᠷᠢᠨ ᠳᠤ ᠠᠯᠳᠠᠭ᠎ᠠ ᠪᠠᠨ ᠵᠠᠯᠠᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠨᠢᠭᠡᠪᠦᠷᠢ ᠶᠢ ᠴᠥᠮ ᠬᠠᠤᠯᠢ ᠪᠠᠷ ᠵᠠᠰᠠᠬᠤ ᠪᠠ ᠵᠢᠷᠤᠮᠵᠢᠭᠤᠯᠬᠤ ᠳᠤᠮᠳᠠ ᠬᠦᠯᠢᠶᠠᠨ ᠠᠪᠴᠤ᠂ ᠰᠢᠢᠳᠪᠦᠷᠢᠯᠡᠬᠦ ᠪᠠ ᠡᠷᠭᠢᠯᠲᠡ ᠳᠤ ᠣᠷᠣᠭᠤᠯᠵᠤ᠂ ᠬᠦᠯᠢᠶᠠᠨ ᠠᠪᠬᠤ ᠰᠠᠯᠠᠭ᠎ᠠ ᠮᠥᠴᠢᠷ ᠶᠠᠪᠣᠴᠠ ᠶᠢ ᠠᠬᠢᠭᠤᠯᠵᠤ᠂ ᠭᠦᠢᠴᠡᠳᠭᠡᠬᠦ ᠰᠠᠯᠠᠭ᠎ᠠ ᠮᠥᠴᠢᠷ ᠰᠢᠢᠳᠪᠦᠷᠢᠯᠡᠬᠦ ᠶᠢ ᠬᠠᠷᠢᠭᠤᠴᠠᠬᠤ ᠠᠵᠢᠯ ᠤᠨ ᠪᠠᠶᠢᠳᠠᠯ ᠢ ᠦᠨᠡᠨ ᠬᠦ ᠪᠤᠢ ᠪᠣᠯᠭᠠᠪᠠ᠃ ᠨᠥᠭᠦᠭᠡ ᠲᠠᠯ᠎ᠠ ᠪᠠᠷ᠂ ᠤᠬᠠᠭᠤᠯᠭ᠎ᠠ ᠪᠣᠯᠪᠠᠰᠤᠷᠠᠯ ᠬᠥᠮᠦᠵᠢᠯ ᠢ ᠴᠢᠩᠭᠠᠳᠬᠠᠵᠤ᠂ ᠡᠯ᠎ᠡ ᠱᠠᠲᠤᠨ ᠤ ᠵᠠᠬᠢᠳᠠᠯ ᠰᠤᠷᠪᠤᠯᠵᠢᠯᠠᠭ᠎ᠠ ᠶᠢᠨ ᠬᠦᠯᠢᠶᠡᠨ ᠠᠪᠬᠤ ᠲᠠᠯᠠᠪᠤᠷ ᠲᠤ ᠬᠠᠤᠯᠢ ᠲᠣᠭᠲᠠᠭᠠᠯ ᠶᠣᠰᠣᠭᠠᠷ ᠵᠠᠬᠢᠳᠠᠯ ᠰᠤᠷᠪᠤᠯᠵᠢᠯᠠᠭ᠎ᠠ ᠶᠢᠨ ︽ᠠᠵᠢᠯ ᠤᠨ ᠶᠠᠪᠣᠴᠠ ᠶᠢᠨ ᠵᠢᠷᠤᠭ︾᠂ ︽ᠬᠦᠲᠦᠯᠬᠦ ᠵᠢᠷᠤᠭ︾ ᠪᠠ ︽ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠠᠵᠢᠯ ᠤᠨ ᠵᠢᠯᠤᠭᠤᠳᠤᠮᠵᠢ︾ ᠵᠡᠷᠭᠡ ᠶᠢ ᠨᠠᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠲᠣᠭᠤᠷᠢᠨ ᠳᠤ 5 ᠤᠳᠠᠭᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠥᠷᠨᠢᠭᠦᠯᠵᠦ᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠦᠷᠢᠮ︾ ᠪᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ᠠᠭᠤᠯᠭ᠎ᠠ ᠶᠢ ᠡᠯ᠎ᠡ ᠱᠠᠲᠤᠨ ᠤ ᠺᠠᠳ᠋ᠷ ᠤᠨ ᠬᠥᠮᠦᠵᠢᠯ ᠪᠣᠯᠪᠠᠰᠤᠷᠠᠯ ᠤᠨ ᠲᠥᠯᠥᠪᠯᠡᠭᠡ ᠳᠤ ᠣᠷᠣᠭᠤᠯᠪᠠ᠃     ᠪᠢᠳᠡ ︽ᠬᠤᠣᠰ ᠴᠢᠭᠯᠡᠯ ᠢᠶᠠᠷ ᠵᠢᠷᠤᠮᠵᠢᠭᠤᠯᠬᠤ︾᠎ ᠶᠢ ᠪᠠᠷᠢᠮᠲᠠᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠠᠥᠯᠢ ᠪᠠᠷ ᠵᠠᠰᠠᠬᠤ ᠶᠢ ᠠᠬᠢᠭᠤᠯᠪᠠ᠃ ᠨᠢᠭᠡ ᠲᠠᠯ᠎ᠠ ᠪᠠᠷ᠂ ᠵᠠᠬᠢᠳᠠᠯ ᠰᠤᠷᠪᠤᠯᠵᠢᠯᠠᠭ᠎ᠠ ᠶᠢᠨ ᠠᠵᠢᠯᠲᠠᠨ ᠤ ᠠᠵᠢᠯᠯᠠᠭ᠎ᠠ ᠶᠢ ᠵᠢᠷᠤᠮᠵᠢᠭᠤᠯᠵᠤ᠂ ᠬᠠᠷᠢᠭᠤᠴᠠᠯᠭ᠎ᠠ ᠠᠯᠳᠠᠪᠠᠯ ᠵᠠᠪᠠᠯ ᠨᠡᠬᠡᠮᠵᠢᠯᠡᠵᠦ᠂ ᠬᠠᠷᠢᠭᠤᠴᠠᠯᠭ᠎ᠠ ᠶᠢ ᠵᠠᠪᠠᠯ ᠴᠢᠩᠭ᠎ᠠ ᠨᠡᠬᠡᠮᠵᠢᠯᠡᠵᠦ᠂ ᠲᠤᠰᠢᠶᠠᠯ ᠬᠠᠷᠢᠭᠤᠴᠠᠯᠭ᠎ᠠ ᠪᠠᠨ ᠪᠣᠲᠠᠲᠠᠶᠢᠵᠢᠭᠤᠯᠬᠤ ᠶᠢ ᠠᠬᠢᠭᠤᠯᠪᠠ︔ ᠨᠦᠭᠦᠭᠡ ᠲᠠᠯ᠎ᠠ ᠪᠠᠷ᠂ ᠵᠠᠬᠢᠳᠠᠯ ᠰᠤᠷᠪᠤᠯᠵᠢᠯᠠᠭ᠎ᠠ ᠬᠢᠭᠰᠡᠳ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯᠯᠠᠭ᠎ᠠ ᠶᠢ ᠬᠦᠲᠦᠯᠦᠨ ᠵᠢᠯᠣᠭᠤᠳᠴᠤ ᠵᠢᠷᠤᠮᠵᠢᠭᠤᠯᠪᠠ᠃ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠭᠡᠯ ᠤᠨ ᠬᠠᠤᠯᠢ︾᠂ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠠᠤᠯᠢ ᠴᠠᠭᠠᠵᠠ ᠶᠢᠨ ᠲᠠᠶᠢᠯᠪᠤᠷᠢᠯᠠᠯᠲᠠ ᠳᠤ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠪᠠᠶᠢᠳᠠᠯ ᠪᠠ ᠰᠢᠢᠳᠪᠦᠷᠢᠯᠡᠬᠦ ᠰᠠᠨᠠᠯ ᠵᠡᠷᠭᠡ ᠶᠢ ᠲᠣᠳᠣᠷᠬᠠᠶᠢᠯᠠᠵᠤ᠂ ᠵᠠᠬᠢᠳᠠᠯ ᠰᠤᠷᠪᠤᠯᠵᠢᠯᠠᠭ᠎ᠠ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠦᠷᠢᠯᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠤᠯᠠᠨ ᠲᠦᠮᠡᠨ ᠤ ᠬᠠᠤᠯᠢ ᠶᠣᠰᠣᠭᠠᠷ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ ᠤᠯᠠᠨ ᠨᠡᠶᠢᠲᠡ ᠶᠢᠨ ᠡᠮᠬᠢ ᠵᠢᠷᠤᠮ ᠪᠠ ᠵᠠᠬᠢᠳᠠᠯ ᠰᠤᠷᠪᠤᠯᠵᠢᠯᠠᠭ᠎ᠠ ᠶᠢᠨ ᠡᠮᠬᠢ ᠵᠢᠷᠤᠮ ᠢ ᠤᠬᠠᠮᠰᠠᠷ ᠠᠴᠠ ᠪᠠᠨ ᠵᠢᠷᠤᠮᠯᠠᠬᠤ ᠶᠢ ᠬᠥᠳᠤᠯᠤᠨ ᠵᠢᠯᠤᠭᠤᠳᠪᠠ᠃    ᠬᠥᠲᠥᠯᠥᠭᠴᠢ᠄ ᠡᠨᠡ ᠵᠢᠯ ᠤᠨ 1 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠠᠴᠠ ︽ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠰᠠᠨᠠᠯ︾᠎ ᠢ ᠳᠠᠷᠤᠮᠠᠯᠯᠠᠨ ᠲᠠᠷᠬᠠᠭᠠᠪᠠ᠂ ᠡᠭᠦᠨ ᠢ ᠮᠠᠨ ᠤ ᠠᠶᠢᠮᠠᠭ ᠬᠡᠷᠬᠢᠨ ᠨᠠᠶᠢᠳᠠᠪᠤᠷᠢᠵᠢᠭᠤᠯᠤᠭᠰᠠᠨ ᠪᠣᠶ︖     ᠸᠠᠩ ᠳ᠋ᠦᠩ᠄ ᠡᠨᠡ ᠵᠢᠯ᠂ ᠥᠪᠡᠷᠲᠡᠭᠡᠨ ᠵᠠᠰᠠᠬᠤ ᠣᠷᠣᠨ ᠤ ︽ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠬᠦ ᠲᠤᠬᠠᠶ ᠰᠠᠨᠠᠯ︾᠎ ᠤᠨ ᠱᠠᠭᠠᠷᠳᠠᠯᠭ᠎ᠠ ᠶᠣᠰᠣᠭᠠᠷ᠂ ︽ᠠᠯᠠᠱᠠ ᠶᠢᠨ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ ᠬᠡᠷᠡᠭᠵᠢᠭᠦᠯᠬᠦ ᠲᠥᠰᠦᠯ︾᠎ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠷᠣᠯᠠᠨ ᠭᠦᠢᠴᠡᠳᠭᠡᠬᠦ ᠴᠤᠪᠤᠷᠠᠯ ᠢ ᠨᠠᠷᠢᠯᠢᠭᠵᠢᠭᠤᠯᠵᠤ᠂ ᠣᠷᠣᠯᠠᠨ ᠭᠦᠢᠴᠡᠳᠭᠡᠬᠦ ᠬᠠᠷᠢᠭᠤᠴᠠᠯᠭ᠎ᠠ ᠶᠢ ᠲᠤᠳᠤᠷᠬᠠᠶᠢᠯᠠᠵᠣ᠂ ᠬᠤᠰᠢᠭᠤ ᠣᠷᠤᠨ᠂ ᠰᠤᠮᠤ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ︽ᠭᠤᠷᠪᠠᠨ ᠱᠠᠲᠤᠨ ᠤ ᠱᠦᠵᠢ ᠣᠷᠣᠯᠠᠨ ᠭᠦᠢᠴᠡᠳᠭᠡᠬᠦ ᠶᠢ ᠠᠳᠬᠤᠬᠤ︾ ᠲᠣᠭᠲᠠᠴᠠ ᠪᠠ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶᠎ ᠤ ᠱᠦᠵᠢ ᠲᠡᠷᠢᠭᠦᠨ ᠵᠡᠷᠭᠡ ᠶᠢᠨ ᠣᠷᠣᠯᠠᠨ ᠭᠦᠢᠴᠡᠳᠬᠡᠭᠴᠢ ᠶᠢᠨ ᠲᠤᠰᠢᠶᠠᠯ ᠢ ᠡᠭᠦᠷᠭᠡᠯᠡᠵᠦ᠂ ᠰᠤᠮᠤ ᠪᠠᠯᠭᠠᠰᠤ ︵ᠵᠡᠭᠡᠯᠢ ᠭᠤᠳᠤᠮᠵᠢ︶᠎ ᠶᠢᠨ ᠨᠠᠮ ᠵᠠᠰᠠᠭ ᠤᠨ ᠨᠢᠭᠡᠳᠦᠭᠡᠷ ᠬᠠᠷᠢᠭᠤᠴᠠᠯᠭᠠᠲᠠᠨ ᠲᠡᠷᠢᠭᠦᠨ ᠵᠡᠷᠭᠡ ᠶᠢᠨ ᠣᠷᠣᠯᠠᠨ ᠭᠦᠢᠴᠡᠳᠬᠡᠭᠴᠢ ᠪᠣᠯᠵᠤ᠂ ᠬᠤᠰᠢᠭᠤᠨ ︵ᠣᠷᠣᠨ︶᠎ ᠤ ᠨᠠᠮ ᠵᠠᠰᠠᠭ ᠤᠨ ᠲᠦᠷᠦᠭᠦᠦ ᠬᠠᠷᠢᠭᠤᠴᠠᠯᠭᠠᠲᠠᠨ ᠪᠠ ᠪᠠᠭ ᠤᠨ ᠪᠦᠷᠢᠯᠳᠦᠬᠦᠨ ᠲᠡᠷᠢᠭᠦᠨ ᠣᠷᠣᠯᠠᠨ ᠭᠦᠢᠴᠡᠳᠬᠡᠭᠴᠢ ᠶᠢᠨ ᠲᠤᠰᠢᠶᠠᠯ ᠢ ᠡᠭᠦᠷᠭᠡᠯᠡᠵᠦ᠂ ᠬᠤᠰᠢᠭᠤᠨ ︵ᠣᠷᠤᠨ︶᠎ ᠤ ︽ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠬᠤᠷᠢᠶᠠᠨ ᠤ ᠭᠤᠷᠪᠠᠨ ᠳᠠᠷᠤᠭ᠎ᠠ︾ ᠲᠡᠷᠢᠭᠦᠨ ᠬᠠᠷᠢᠭᠤᠴᠠᠯᠭ᠎ᠠ ᠪᠦᠬᠦᠢ ᠣᠷᠣᠯᠠᠨ ᠭᠦᠢᠴᠡᠳᠬᠡᠭᠴᠢ ᠶᠢᠨ ᠲᠤᠰᠢᠶᠠᠯ ᠢ ᠡᠭᠦᠷᠭᠡᠯᠡᠭᠰᠡᠨ ︽ᠳᠥᠷᠪᠡᠨ ᠲᠡᠷᠢᠬᠦᠨ︾ ᠪᠦᠬᠦᠢ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ ᠡᠩᠨᠡᠭᠡ ᠶᠢ ᠪᠠᠶᠢᠭᠤᠯᠵᠤ᠂ ︽ᠠᠷᠠᠳ ᠤᠨ ᠲᠥᠯᠥᠭᠡ᠂ ᠠᠷᠠᠳ ᠲᠤ ᠲᠥᠬᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ︾ ᠣᠨᠣᠯᠵᠢᠬᠤᠨ ᠢ ᠪᠠᠷᠢᠮᠲᠠᠯᠠᠨ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠬᠠᠷᠢᠶ᠎ᠠ ᠭᠠᠵᠠᠷ ᠲᠤᠨᠢ ᠬᠦᠯᠢᠶᠡᠨ ᠠᠪᠬᠤ᠂ ᠬᠠᠮᠢᠶᠠᠷᠬᠤ᠂ ᠰᠢᠢᠳᠪᠦᠷᠢᠯᠡᠬᠦ ᠬᠦᠮᠦᠨ ᠲᠠᠢ ᠪᠣᠯᠭᠠᠬᠤ ᠶᠢᠨ ᠬᠠᠮᠲᠤ ᠤᠳᠤᠷᠢᠳᠬᠤ ᠺᠠᠳ᠋ᠷ ᠤᠨ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠴᠤ ᠳᠣᠷᠣᠭᠰᠢ ᠪᠠᠭᠤᠵᠤ ᠰᠤᠷᠪᠤᠯᠵᠢᠯᠠᠬᠤ ᠵᠡᠷᠭᠡ ᠶᠢ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠦᠢᠯᠡᠴᠢᠯᠡᠭᠡᠨ ᠳᠤ ᠣᠷᠭᠠᠨᠢᠭ ᠢᠶᠠᠷ ᠠᠭᠤᠰᠤᠯᠴᠠᠭᠤᠯᠤᠨ᠎ᠠ᠃ ᠬᠤᠰᠢᠭᠤ ᠰᠢᠶᠠᠨ ᠠᠴᠠ ᠠᠶᠢᠮᠠᠭ ᠬᠤᠲᠠ᠂ ᠠᠶᠢᠮᠠᠭ ᠬᠤᠲᠠ ᠠᠴᠠ ᠥᠪᠡᠷᠲᠡᠭᠡᠨ ᠵᠠᠰᠠᠬᠤ ᠣᠷᠣᠨ ᠬᠦᠷᠲᠡᠯᠡᠬᠢ ᠣᠷᠣᠯᠠᠨ ᠭᠦᠢᠴᠡᠳᠭᠡᠬᠦ ᠵᠠᠮ ᠢ ᠰᠢᠯᠤᠭᠤᠳᠬᠠᠵᠤ᠂ ᠰᠢᠰᠲ᠋ᠧᠮ ᠬᠡᠰᠡᠭ ᠢᠶᠠᠷ ᠨᠡᠪᠲᠡᠷᠡᠭᠰᠡᠨ᠂ ᠳᠡᠭᠡᠳᠦ ᠳᠤᠤᠷᠠᠳᠤ ᠱᠠᠲᠤ ᠬᠠᠮᠲᠤᠷᠠᠨ ᠬᠥᠳᠡᠯᠦᠯᠴᠡᠭᠰᠡᠨ ᠣᠷᠣᠯᠠᠨ ᠭᠦᠢᠴᠡᠳᠭᠡᠬᠦ ᠠᠵᠢᠯ ᠤᠨ ᠪᠠᠶᠢᠷᠢᠰᠢᠯ ᠢ ᠪᠣᠶ ᠪᠣᠯᠭᠠᠨ᠎ᠠ᠃ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠢᠳᠡᠪᠬᠢᠲᠡᠶ ᠠᠬᠢᠭᠤᠯᠵᠤ᠂ ᠮᠡᠳᠡᠭᠡ ᠵᠠᠩᠭᠢᠴᠢᠯᠠᠯᠲᠠ ᠶᠢᠨ ᠠᠷᠭ᠎ᠠ ᠪᠠᠷᠢᠯ ᠢ ᠭᠦᠢᠴᠡᠳ ᠬᠡᠷᠡᠭᠯᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢᠨ ᠲᠤᠰᠠᠳᠠ ᠠᠶᠢᠮᠠᠭ ᠤᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠠᠶᠢᠮᠠᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠢ ᠢᠳᠡᠪᠬᠢᠲᠡᠶ ᠵᠣᠯᠭᠠᠭᠤᠯᠵᠤ᠂ ᠦᠨᠳᠦᠰᠦᠨ ᠱᠠᠲᠤᠨ ᠤ ᠵᠠᠰᠠᠯᠲᠠ ᠶᠢᠨ ᠣᠶᠤᠨᠴᠢ ᠲᠠᠪᠴᠠᠩ ᠳᠤ ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ ᠲᠠᠪᠴᠠᠩ ᠭᠠᠷᠭᠠᠬᠤ ᠶᠢ ᠠᠬᠢᠭᠤᠯᠵᠤ᠂ ᠣᠯᠠᠨ ᠲᠦᠮᠡᠨ ᠤ ᠰᠦᠯᠵᠢᠶᠡᠨ ᠳᠡᠭᠡᠷ᠎ᠡ ᠠᠰᠠᠭᠤᠳᠠᠯ ᠢ ᠲᠤᠰᠬᠠᠬᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠭᠡᠭᠴᠢ ᠶᠢᠨ ᠰᠦᠯᠵᠢᠶᠡᠨ ᠭᠠᠳᠠᠨ᠎ᠠ ᠣᠷᠣᠯᠠᠨ ᠭᠦᠢᠴᠡᠳᠭᠡᠬᠦ ᠶᠢ ᠪᠡᠶᠡᠯᠡᠭᠦᠯᠦᠨ᠎ᠡ᠃ ᠡᠭᠦᠨ ᠤ ᠬᠠᠮᠲᠤ᠂ ᠵᠠᠬᠢᠳᠠᠯ ᠰᠤᠷᠪᠤᠯᠵᠢᠯᠠᠭ᠎ᠠ ᠶᠢᠨ ᠣᠶᠤᠨᠴᠢ ᠲᠤᠰᠠᠯᠠᠬᠤ ᠰᠢᠰᠲ᠋ᠧᠮ ᠤᠨ ︽ᠵᠠᠬᠢᠳᠠᠯ ᠰᠤᠷᠪᠤᠯᠵᠢᠯᠠᠭ᠎ᠠ ᠶᠢᠨ ᠣᠷᠣᠯᠠᠨ ᠭᠦᠢᠴᠡᠳᠭᠡᠬᠦ︾ ᠴᠢᠳᠠᠮᠵᠢ ᠶᠢ ᠰᠠᠶᠢᠲᠤᠷ ᠬᠡᠷᠡᠭᠯᠡᠵᠦ᠂ ᠣᠷᠣᠯᠠᠨ ᠭᠦᠢᠴᠡᠳᠭᠡᠬᠦ ᠲᠠᠰ ᠳᠠᠷᠠᠭᠠᠯᠠᠯ ᠢ ᠵᠢᠷᠤᠮᠵᠢᠭᠤᠯᠤᠨ᠂ ᠣᠷᠣᠯᠠᠨ ᠭᠦᠢᠴᠡᠳᠭᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ︽ᠲᠤᠭ᠎ᠠ ᠪᠠᠷᠢᠮᠲᠠ ᠶᠢ ᠢᠯᠡᠭᠦᠬᠡᠨ ᠠᠵᠢᠯᠯᠠᠭᠤᠯᠵᠤ᠂ ᠣᠯᠠᠨ ᠲᠦᠮᠡᠨ ᠢ ᠳᠤᠲᠠᠭᠤ ᠭᠦᠶᠦᠯᠭᠡᠬᠦ︾᠎ ᠪᠠᠷ ᠴᠢᠷᠮᠠᠶᠢᠨ᠎ᠠ᠃   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号