ᠮᠠᠨ ᠤ ᠬᠤᠰᠢᠭᠤᠨ ᠤ 2024 ᠣᠨ ᠤ ︽ᠰᠤᠳᠤᠷ ᠤᠨ ᠡᠭᠡᠰᠢᠭ ᠲᠠᠢ ᠤᠮᠠᠷᠠᠲᠤ ᠬᠢᠯᠢ ᠨᠤᠮ ᠤᠨ ᠰᠤᠷᠪᠤᠯᠵᠢᠲᠤ ᠡᠵᠡᠨ᠎ᠡ ︾᠎ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/4/28
      4 ᠰᠠᠷ᠎ᠠ ᠶᠢᠨ 24᠎ ᠤ ᠡᠳᠦᠷ᠂ ᠮᠠᠨ ᠤ ᠬᠤᠰᠢᠭᠤ 2024 ᠣᠨ ᠤ ︽ᠰᠤᠳᠤᠷ ᠤᠨ ᠡᠭᠡᠰᠢᠭ ᠲᠠᠢ ᠤᠮᠠᠷᠠᠲᠤ ᠬᠢᠯᠢ ᠨᠤᠮ ᠤᠨ ᠰᠤᠷᠪᠤᠯᠵᠢᠲᠤ ᠡᠵᠡᠨ᠎ᠡ ︾ ︱ ᠪᠥᠬᠦ ᠠᠷᠠᠳ ᠢᠶᠠᠷ ᠢᠶᠠᠨ ᠨᠣᠮ ᠤᠩᠰᠢᠬᠤ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠶᠢᠨ ᠭᠠᠷᠠᠭ᠂ ︽ᠡᠷᠡᠭᠦᠯ ᠨᠤᠮ ᠤᠨ ᠱᠤᠰᠢᠭ᠎ᠠ︾᠎ ᠶᠢᠨ ᠠᠵᠢᠯᠯᠠᠭᠠᠨ ᠎ ᠤ ᠡᠬᠢᠯᠡᠯᠲᠡ ᠶᠢᠨ ᠶᠣᠰᠣᠯᠠᠯ ᠢ ᠶᠠᠪᠤᠭᠳᠠᠭᠤᠯᠪᠠ᠃ ᠬᠤᠰᠢᠭᠤᠨ ᠤ ᠤᠳᠤᠷᠢᠳᠤᠯᠭ᠎ᠠ ᠶᠠᠩ ᠶᠦᠩ ᠴᠢ᠂ ᠱᠢ ᠲᠢᠩ᠂ ᠺᠠᠩ ᠳ᠋ᠦᠩ᠂ ᠭᠡᠷᠡᠯᠲᠤᠶᠠᠭ᠎ᠠ ᠠᠵᠢᠯᠯᠠᠭ᠎ᠠ ᠳᠤ ᠣᠷᠣᠯᠴᠠᠵᠠᠢ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠲᠠᠷᠤᠭ᠎ᠠ ᠱᠢ ᠲᠢᠩ ᠶᠠᠷᠢᠶ᠎ᠠ ᠲᠠᠯᠪᠢᠵᠤ ᠠᠵᠢᠯᠯᠠᠭ᠎ᠠ ᠡᠬᠢᠯᠡᠭᠰᠡᠨ ᠢ ᠵᠠᠷᠯᠠᠪᠠ᠃ ᠬᠤᠰᠢᠭᠤᠨ ᠎ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠬᠤᠷᠢᠶ᠎ᠠ ᠪᠠ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠴᠠ ᠪᠥᠬᠦ ᠠᠷᠠᠳ ᠤᠨ ᠤᠩᠰᠢᠯᠭ᠎ᠠ ᠶᠢᠨ ᠰᠠᠨᠠᠭᠠᠴᠢᠯᠠᠭ᠎ᠠ ᠶᠢᠨ ᠪᠢᠴᠢᠭ ᠪᠠ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠬᠠᠮᠠᠭᠠᠯᠠᠬᠤ ᠰᠠᠨᠠᠭᠠᠴᠢᠯᠠᠭ᠎ᠠ ᠶᠢᠨ ᠪᠢᠴᠢᠭ ᠢ ᠤᠩᠰᠢᠨ ᠨᠡᠶᠢᠲᠡᠯᠡᠪᠡ᠃      ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ︽ᠰᠤᠳᠤᠷ ᠤᠨ ᠡᠭᠡᠰᠢᠭ ᠲᠠᠢ ᠤᠮᠠᠷᠠᠲᠤ ᠬᠢᠯᠢ ᠨᠤᠮ ᠤᠨ ᠰᠤᠷᠪᠤᠯᠵᠢᠲᠤ ᠡᠵᠡᠨ᠎ᠡ︾ ᠪᠥᠬᠦ ᠠᠷᠠᠳ ᠤᠨ ᠤᠩᠰᠢᠯᠭ᠎ᠠ ᠬᠢᠬᠦ ᠲᠤᠭᠤᠷᠢᠭ᠂ ᠡᠯᠧᠺᠲᠷᠣᠨ ᠤᠩᠰᠢᠯᠭ᠎ᠠ ᠶᠢᠨ ᠦᠢᠯᠡᠴᠢᠯᠡᠭᠡ ᠶᠢ ᠳᠡᠯᠭᠡᠷᠡᠭᠦᠯᠬᠦ ᠲᠤᠭᠤᠷᠢᠭ᠂ ᠨᠣᠮ ᠪᠢᠴᠢᠭ ᠤᠨ ᠳᠡᠯᠭᠡᠨ ᠪᠣᠷᠣᠯᠠᠭᠤᠯᠬᠤ ᠲᠤᠭᠤᠷᠢᠭ ᠵᠢᠴᠢ        ︽ᠱᠠᠯᠢᠭ ᠵᠠᠪᠬᠠᠢ ᠵᠦᠢᠯᠡᠰ ᠢ ᠠᠷᠢᠯᠭᠠᠵᠤ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠥᠭᠬᠦ︾ ᠡᠷᠡᠭᠦᠯ ᠨᠣᠮ ᠤᠨ ᠱᠣᠰᠢᠭ᠎ᠠ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠤᠬᠠᠭᠤᠯᠭ᠎ᠠ ᠵᠡᠷᠭᠡ ᠲᠤᠭᠤᠷᠢᠭ ᠢ ᠲᠣᠬᠢᠷᠠᠭᠤᠯᠵᠠᠢ᠃ ᠲᠤᠬᠠᠢ ᠶᠢᠨ ᠠᠵᠢᠯᠲᠠᠳ ᠠᠴᠠ ᠺᠠᠳ᠋ᠷ ᠠᠵᠢᠯᠲᠠᠨ ᠂ ᠦᠷᠭᠡᠨ ᠤᠯᠠᠨ ᠠᠷᠠᠳ ᠲᠦᠮᠡᠨ ᠳᠤ ᠬᠤᠯᠠᠭᠠᠶᠢᠯᠠᠨ ᠬᠡᠪᠯᠡᠭᠰᠡᠨ ᠦᠢᠯᠡᠳᠬᠦᠨ᠂ ᠬᠤᠣᠷ ᠬᠥᠨᠥᠭᠡᠯ ᠲᠠᠢ ᠬᠡᠪᠯᠡᠭᠳᠡᠬᠦᠨ ᠤ ᠨᠠᠵᠠᠭᠠᠢ ᠲᠠᠯ᠎ᠠ ᠶᠢ ᠲᠦᠭᠡᠮᠡᠯᠵᠢᠭᠦᠯᠵᠦ᠂ ᠤᠯᠠᠨ ᠲᠥᠮᠡᠨ ᠤ ᠬᠠᠤᠯᠢ ᠪᠤᠰᠤ ᠬᠤᠣᠷ ᠬᠥᠨᠥᠭᠡᠯ ᠲᠠᠢ ᠬᠡᠪᠯᠡᠭᠳᠡᠬᠦᠨ ᠪᠠ ᠮᠡᠳᠡᠭᠡ ᠵᠠᠩᠭᠢ ᠠᠴᠠ ᠬᠤᠯᠠᠳᠠᠬᠤ ᠶᠢ ᠰᠠᠨᠠᠭᠠᠴᠢᠯᠠᠨ᠂ ᠬᠦᠴᠦ ᠪᠠᠨ ᠲᠦᠪᠯᠡᠷᠡᠬᠦᠯᠵᠤ ᠮᠠᠨ ᠤ ᠬᠤᠰᠢᠭᠤᠨ ᠤ ᠡᠷᠡᠭᠦᠯ ᠰᠠᠷᠠᠭᠤᠯ ᠰᠣᠶᠣᠯ ᠤᠨ ᠣᠷᠴᠢᠨ ᠲᠣᠭᠤᠷᠢᠨ ᠢ ᠪᠤᠢ ᠪᠤᠯᠭᠠᠬᠤ ᠶᠢ ᠤᠷᠢᠶᠠᠯᠠᠭᠰᠠᠨ ᠪᠠᠶᠢᠨ᠎ᠠ᠃      ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠪᠤᠶᠠᠨᠰᠠᠶᠢᠨ ᠄  ︽ ᠪᠢᠳᠡ ᠲᠣᠰ ᠤᠳᠠᠭᠠᠨ ᠤ ᠠᠵᠢᠯᠯᠠᠭ᠎ᠠ ᠪᠠᠷ ᠲᠣᠬᠢᠶᠠᠯ ᠪᠣᠯᠭᠠᠵᠤ᠂ ᠪᠥᠬᠦ ᠠᠷᠠᠳ ᠤᠨ ᠤᠩᠰᠢᠯᠭ᠎ᠠ ᠶᠢᠨ ᠰᠢᠷᠢᠰ ᠠᠵᠢᠯᠯᠠᠭ᠎ᠠ ᠶᠢ ᠪᠠᠶᠢᠩᠭᠤᠵᠢᠭᠤᠯᠤᠨ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠪᠥᠬᠦ ᠠᠷᠠᠳ ᠤᠨ ᠤᠩᠰᠢᠯᠭ᠎ᠠ ᠶᠢᠨ ᠦᠢᠯᠡᠴᠢᠯᠡᠭᠡᠨ ᠤ ᠰᠢᠰᠲ᠋ᠧᠮ ᠢ ᠪᠥᠬᠦ ᠬᠦᠴᠦᠨ ᠢᠶᠠᠷ ᠢᠶᠠᠨ ᠲᠡᠭᠦᠯᠳᠡᠷᠵᠢᠭᠦᠯᠦᠨ᠂ ᠰᠢᠯᠢᠳᠡᠭ ᠰᠣᠶᠣᠯ ᠢ ᠶᠡᠭᠡ ᠪᠠᠷ ᠪᠠᠳᠠᠷᠠᠭᠤᠯᠵᠤ᠂ ᠨᠣᠮ ᠤᠨ  ᠰᠤᠷᠪᠤᠯᠵᠢᠲᠤ ᠡᠵᠡᠨ᠎ᠡ ᠶᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠪᠠᠨ ᠦᠵᠡᠬᠦᠯᠬᠦ ᠎ ᠪᠠᠷ ᠪᠤᠢ ︾  ᠭᠡᠪᠡ ᠃      ᠣᠶᠢᠯᠠᠭᠠᠭᠰᠠᠨ ᠢᠶᠠᠷ᠂ ᠮᠠᠨ ᠤ ᠬᠤᠰᠢᠭᠤ ︽ᠰᠤᠳᠤᠷ ᠤᠨ ᠡᠭᠡᠰᠢᠭ ᠲᠠᠢ ᠤᠮᠠᠷᠠᠲᠤ ᠬᠢᠯᠢ ᠨᠣᠮ ᠤᠨ ᠰᠤᠷᠪᠤᠯᠵᠢᠲᠤ ᠡᠵᠡᠨ᠎ᠡ︾᠎ ᠶᠢᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠲᠦᠯᠬᠢᠨ ᠠᠬᠢᠭᠤᠯᠵᠤ᠂ ︽ᠨᠣᠮ ᠤᠩᠰᠢᠬᠤ ᠳᠤᠷᠠᠲᠠᠢ᠂ ᠰᠠᠶᠢᠨ ᠨᠣᠮ ᠤᠩᠰᠢᠬᠤ᠂ ᠨᠣᠮ ᠤᠩᠰᠢᠬᠤ ᠳᠠᠭᠠᠨ ᠴᠢᠳᠠᠮᠠᠭᠠᠢ ᠪᠠᠶᠢᠬᠤ︾ ᠰᠠᠶᠢᠨ ᠰᠠᠶᠢᠬᠠᠨ ᠠᠭᠤᠷ ᠠᠮᠢᠰᠬᠤᠯ ᠢ ᠦᠷᠭᠦᠯᠵᠢᠯᠡᠨ ᠪᠣᠶ ᠪᠤᠯᠭᠠᠨ᠂ ᠪᠥᠬᠦ ᠠᠷᠠᠳ ᠢᠶᠠᠷ ᠢᠶᠠᠨ ᠨᠤᠮ ᠤᠩᠰᠢᠬᠤ ᠠᠵᠢᠯᠯᠠᠭ᠎ᠠ ᠶᠢᠨ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠭᠡᠷ ᠪᠦᠯᠢ᠂ ᠰᠤᠷᠭᠠᠭᠤᠯᠢ᠂ ᠪᠠᠶᠢᠭᠤᠯᠭ᠎ᠠ ᠨᠢᠭᠡᠴᠡ᠂ ᠠᠵᠤ ᠠᠬᠤᠶᠢᠯᠠᠯ᠂ ᠴᠡᠷᠢᠭ ᠠᠩᠭᠢ ᠳᠤ ᠭᠦᠨᠵᠡᠭᠡᠶᠢᠷᠡᠬᠦ ᠶᠢ ᠲᠦᠯᠬᠢᠨ ᠠᠬᠢᠭᠤᠯᠵᠤ᠂ ᠪᠥᠬᠦ ᠠᠷᠠᠳ ᠢᠶᠠᠷ ᠢᠶᠠᠨ ᠨᠣᠮ ᠤᠩᠰᠢᠬᠤ  ᠰᠠᠶᠢᠨ ᠰᠠᠶᠢᠬᠠᠨ ᠬᠡᠪ ᠵᠠᠩᠰᠢᠯ ᠎ ᠢ ᠪᠤᠢ ᠪᠣᠯᠭᠠᠨ᠎ᠠ᠃ 
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号