ᠡᠵᠡᠨ᠎ᠡ ᠬᠤᠰᠢᠭᠤᠨ ᠤ 2024 ᠤᠨ ᠤ ︽ᠬᠠᠨ ᠲᠡᠭᠷᠢ ᠶᠢᠨ ᠲᠠᠯᠠᠯᠭ᠎ᠠ ᠮᠢᠩᠭᠠᠨ ᠪᠤᠳᠤᠭᠤ ᠶᠢᠨ ᠬᠡᠰᠢᠭ︾ ᠰᠤᠶᠤᠯ ᠵᠢᠭᠤᠯᠴᠢᠯᠠᠯ ᠤᠨ ᠰᠢᠷᠢᠰ ᠠᠵᠢᠯᠯᠠᠭ᠎ᠠ ᠠᠮᠵᠢᠯᠳᠠ ᠲᠠᠢ ᠡᠬᠢᠯᠡᠪᠡ
ᠨᠡᠶᠢᠲᠡᠯᠡᠭᠰᠡᠨ ᠴᠠᠭ᠄
2024/4/28
      4 ᠰᠠᠷ᠎ᠠ ᠶᠢᠨ 25᠎ ᠤ ᠡᠳᠤᠷ᠂ ᠡᠵᠡᠨ᠎ᠡ ᠨᠤᠳᠤᠭ ᠲᠤ ᠨᠠᠷᠠ ᠨᠠᠯᠠᠶᠢᠵᠦ ᠲᠡᠭᠷᠢ ᠴᠡᠯᠮᠡᠭᠰᠢᠨ᠂ ᠨᠠᠭᠠᠳᠤᠮᠴᠢᠳ ᠪᠠᠶᠠᠰᠴᠤ ᠲᠡᠮᠡᠭᠡᠳ ᠪᠤᠶᠢᠯᠠᠯᠳᠤᠭᠰᠠᠨ ᠦᠯᠵᠡᠶᠢᠳᠡᠢ ᠰᠠᠶᠢᠬᠠᠨ ᠡᠳᠤᠷ ᠪᠤᠯᠤᠯ᠎ᠠ ᠃ ᠦᠨᠤᠳᠤᠷ ᠮᠠᠨ ᠤ ᠬᠤᠰᠢᠭᠤᠨ ᠎ ᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠭᠰᠡᠨ 2024 ᠤᠨ ᠤ ︽ᠬᠠᠨ ᠲᠡᠭᠷᠢ ᠶᠢᠨ ᠲᠠᠯᠠᠯᠭ᠎ᠠ ᠮᠢᠩᠭᠠᠨ ᠪᠤᠳᠤᠭᠤ ᠶᠢᠨ ᠬᠡᠰᠢᠭ︾ ᠰᠤᠶᠤᠯ ᠵᠢᠭᠤᠯᠴᠢᠯᠠᠯ ᠤᠨ ᠰᠢᠷᠢᠰ ᠠᠵᠢᠯᠯᠠᠭ᠎ᠠ ᠬᠤᠰᠢᠭᠤᠨ ᠤ ᠲᠡᠮᠡᠭᠡᠨ ᠨᠠᠶᠢᠷ ᠤᠨ ᠲᠠᠯᠠᠪᠠᠢ ᠳᠤ ᠦᠪᠡᠳᠡᠭᠰᠢ ᠶᠡᠬᠡᠪᠡᠷ ᠡᠬᠢᠯᠡᠵᠤ᠂ ᠬᠤᠷᠠᠭᠰᠠᠨ ᠤᠯᠠᠨ ᠢᠶᠠᠨ ᠪᠠᠶᠠᠰᠬᠠᠭᠰᠠᠨ ᠨᠢᠵᠢᠭᠢᠷ ᠴᠤᠭᠯᠠᠭᠠᠨ ᠪᠤᠯᠵᠤ  ᠪᠢᠯᠡ᠃      ᠦᠳᠡ ᠶᠢᠨ ᠡᠮᠤᠨ᠎ᠡ ᠶᠢᠨ ᠶᠢᠰᠦᠨ ᠴᠠᠭ ᠲᠤ᠂ ︽ᠮᠢᠨᠦ ᠨᠤᠲᠤᠭ ᠡᠵᠡᠨ᠎ᠡ︾ ᠭᠡᠬᠦ ᠳᠠᠭᠤᠤ ᠶᠢᠨ ᠠᠶᠠᠰ ᠤᠨ ᠳᠤᠮᠳᠠ ︽ᠬᠠᠨ ᠲᠡᠭᠷᠢ ᠶᠢᠨ ᠲᠠᠯᠠᠯᠭ᠎ᠠ ᠮᠢᠩᠭᠠᠨ ᠪᠤᠳᠤᠭᠤ ᠶᠢᠨ ᠬᠡᠰᠢᠭ︾ ᠰᠤᠶᠤᠯ ᠵᠢᠭᠤᠯᠴᠢᠯᠠᠯ ᠤᠨ ᠰᠢᠷᠢᠰ ᠠᠵᠢᠯᠯᠠᠭ᠎ᠠ ᠵᠢᠩᠬᠢᠨᠢ ᠪᠠᠷ ᠡᠬᠢᠯᠡᠵᠦ᠂ ᠤᠯᠤᠰ ᠤᠨ ᠲᠤᠭ ᠤᠨ ᠶᠣᠰᠣᠯᠠᠯ ᠤᠨ ᠠᠩᠭᠢ᠂ ᠺᠠᠳ᠋ᠷ ᠠᠵᠢᠯᠲᠠᠨ ᠤ ᠵᠢᠭᠰᠠᠭᠠᠯ ᠤᠨ ᠠᠩᠭᠢ᠂ ᠮᠣᠷᠢᠨ ᠵᠢᠭᠰᠠᠭᠠᠯ ᠤᠨ ᠠᠩᠭᠢ᠂ ᠪᠥᠬᠡ᠂ ᠰᠤᠷ ᠬᠠᠷᠪᠤᠭᠴᠢ ᠶᠢᠨ ᠵᠢᠭᠰᠠᠭᠠᠯ ᠤᠨ ᠠᠩᠭᠢ᠂ ᠪᠤᠳᠤᠭᠤ ᠶᠢᠨ ᠵᠢᠭᠰᠠᠭᠠᠯ ᠤᠨ ᠠᠩᠭᠢ᠂ ᠠᠶᠠᠨ ᠵᠢᠩ ᠤᠨ ᠵᠢᠭᠰᠠᠭᠠᠯ ᠤᠨ ᠠᠩᠭᠢ ᠰᠦᠷ ᠳᠠᠯᠠᠶᠢᠴᠢᠲᠠᠢ ᠪᠠᠷ ᠲᠡᠷᠢᠭᠦᠯᠡᠭᠴᠢ ᠶᠢᠨ ᠲᠠᠶᠢᠰᠠᠨ ᠤ ᠡᠮᠦᠨᠡᠭᠦᠷ ᠥᠩᠭᠡᠷᠡᠵᠦ᠂ ᠤᠯᠤᠰ ᠤᠨ ᠲᠤᠳᠤᠨ᠎ᠠ ᠭᠠᠳᠠᠨ᠎ᠠ ᠠᠴᠠ ᠬᠦᠷᠦᠯᠴᠡᠨ ᠢᠷᠡᠭᠰᠡᠨ ᠵᠢᠭᠤᠯᠴᠢᠳ ᠤᠨ ᠠᠩᠬᠠᠷᠤᠯ ᠢ ᠲᠠᠳᠠᠯ᠎ᠠ᠃      ᠲᠠᠯᠠᠪᠠᠶ ᠳᠤ ᠣᠷᠣᠬᠤ ᠶᠣᠰᠣᠯᠠᠯ ᠳᠠᠭᠤᠰᠤᠭᠰᠠᠨ ᠤ ᠳᠠᠷᠠᠭ᠎ᠠ᠂ ᠬᠤᠷᠠᠯ ᠤᠨ ᠲᠠᠯᠠᠪᠠᠶ ᠳᠤ ᠤᠯᠤᠰ ᠤᠨ ᠲᠤᠭ ᠎ ᠢ ᠮᠠᠨᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ ᠵᠢᠶᠦ᠋ᠨ ᠪᠥᠬᠦ ᠬᠤᠰᠢᠭᠤᠨ ᠤ ᠠᠷᠠᠳ ᠲᠦᠮᠡᠨ ᠢ ᠲᠥᠯᠥᠭᠡᠯᠡᠨ ᠪᠠᠶᠠᠷ ᠤᠨ ᠦᠭᠡ ᠬᠡᠯᠡᠵᠦ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠪᠦᠬᠡ ᠬᠦᠷᠦᠯᠴᠡᠨ ᠢᠷᠡᠭᠰᠡᠨ ᠵᠣᠴᠢᠳ ᠢᠶᠠᠨ ᠲᠠᠨᠢᠯᠴᠠᠭᠤᠯᠪᠠ᠃ ᠮᠣᠩᠭᠤᠯ ᠤᠯᠤᠰ ᠤᠨ ᠡᠮᠤᠨ᠎ᠡ ᠭᠤᠪᠢ ᠠᠶᠢᠮᠠᠭ ᠤᠨ ᠵᠠᠰᠠᠭ ᠤᠨ ᠣᠷᠳᠣᠨ᠂ ᠪᠠᠶᠠᠨᠨᠠᠭᠤᠷ ᠠᠶᠢᠮᠠᠭ ᠤᠨ ᠵᠠᠰᠠᠭ ᠤᠨ ᠣᠷᠳᠣᠨ ᠵᠢᠴᠢ᠂ ᠠᠯᠠᠱᠠ ᠠᠶᠢᠮᠠᠭ ᠤᠨ ᠬᠥᠷᠰᠢ ᠵᠡᠷᠭᠡᠯᠡᠳᠡᠭᠡ ᠭᠠᠵᠠᠷ ᠣᠷᠣᠨ ᠠᠴᠠ ᠢᠷᠡᠭᠰᠡᠨ ᠬᠤᠯᠪᠣᠭᠳᠠᠯ ᠪᠦᠬᠦᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠵᠢᠴᠢ ᠠᠵᠤ ᠠᠬᠤᠶᠢᠯᠠᠯᠲᠠᠨ ᠵᠡᠷᠭᠡ ᠵᠠᠭᠤ ᠭᠠᠷᠤᠢ ᠵᠣᠴᠢᠨ ᠤᠷᠢᠯᠭ᠎ᠠ ᠪᠠᠷ ᠣᠷᠣᠯᠴᠠᠵᠠᠢ᠃      ᠲᠣᠰ ᠤᠳᠠᠭᠠᠨ ᠤ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠨᠢ 4 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠨᠡᠶᠢᠲᠡ 6 ᠵᠦᠢᠯ ᠤᠨ ᠤᠷᠤᠯᠳᠤᠭᠠᠨ 22 ᠠᠭᠤᠯᠭ᠎ᠠ ᠪᠤᠢ᠃ ᠠᠵᠢᠯᠯᠠᠭᠠᠨ ᠤ ᠬᠤᠭᠤᠴᠠᠭᠠᠨ ᠳᠤ᠂ ᠤᠯᠠᠮᠵᠢᠯᠠᠯᠲᠤ ᠲᠡᠮᠡᠭᠡᠨ ᠤᠷᠤᠯᠳᠤᠭᠠᠨ᠂ ᠦᠨᠳᠦᠰᠦᠲᠡᠨ ᠤ ᠪᠡᠶ᠎ᠡ ᠲᠠᠮᠢᠷ ᠤᠨ ᠤᠷᠤᠯᠳᠤᠭᠠᠨ᠂ ᠲᠡᠮᠡᠭᠡᠨ ᠰᠣᠶᠣᠯ ᠤᠨ ᠦᠵᠡᠭᠦᠯᠦᠯᠭᠡ᠂ ᠮᠠᠯᠴᠢᠨ ᠲᠠᠷᠢᠶᠠᠴᠢᠨ ᠤ ᠲᠠᠭᠤᠨ ᠤ ᠤᠷᠤᠯᠳᠤᠭᠠᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠠᠸᠠᠷ ᠤᠨ ᠦᠵᠡᠭᠦᠯᠦᠯᠭᠡ ᠪᠠ ᠳᠤᠮᠳᠠᠳᠤ ᠮᠣᠩᠭᠤᠯ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠲᠡᠷᠭᠡ ᠨᠡᠪᠲᠡᠷᠡᠬᠦ ᠵᠡᠷᠭᠡ ᠠᠵᠢᠯᠯᠠᠭ᠎ᠠ ᠪᠠᠶᠢᠵᠤ᠂ ᠡᠭᠦᠨ ᠤ ᠵᠣᠷᠢᠯᠭ᠎ᠠ ᠨᠢ ᠲᠡᠮᠡᠭᠡᠨ ᠤ ᠠᠵᠤ ᠦᠢᠯᠡᠰ ᠪᠣᠯᠣᠨ ᠰᠣᠶᠣᠯ ᠵᠢᠭᠤᠯᠴᠢᠯᠠᠯ ᠤᠨ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠂ ︽ᠠᠯᠠᠱᠠ ᠶᠢᠨ ᠲᠡᠮᠡᠭᠡᠲᠦ ᠨᠤᠲᠤᠭ︾᠎ ᠤᠨ ᠳᠦᠷᠢ ᠲᠥᠷᠬᠦ ᠶᠢᠨ ᠷᠢᠳᠢ ᠰᠢᠳᠢ ᠶᠢ ᠤᠯᠠᠮ ᠨᠢᠭᠡ ᠠᠯᠬᠤᠮ ᠳᠡᠯᠭᠡᠨ ᠦᠵᠡᠭᠦᠯᠵᠦ᠂ ᠰᠢᠯᠢᠳᠡᠭ ᠠᠷᠠᠳ ᠤᠨ ᠵᠠᠩ ᠦᠶᠯᠡ ᠶᠢᠨ ᠰᠣᠶᠣᠯ ᠢ ᠪᠠᠳᠠᠷᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠥᠬᠦ ᠲᠠᠯ᠎ᠠ ᠪᠠᠷ ᠬᠦᠴᠦᠨ ᠨᠡᠮᠡᠷᠢᠯᠡᠵᠦ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠰᠤᠷᠭᠤᠭ ᠠᠮᠢᠵᠢᠷᠠᠯ ᠤᠨ ᠬᠦᠴᠦᠨ ᠨᠡᠮᠡᠷᠢᠯᠡᠬᠦ ᠶᠢᠨ ᠲᠥᠯᠥᠭᠡ ᠶᠤᠮ᠃      ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠤᠪᠴᠢᠶᠠᠨ ᠳᠠᠷᠤᠭ᠎ᠠ ᠵᠢᠶᠠᠩ ᠵᠢᠦᠢ ᠮᠧᠢ  ᠄ ︽ᠬᠠᠨ ᠲᠡᠭᠷᠢ ᠶᠢᠨ ᠲᠠᠯᠠᠯᠭ᠎ᠠ ᠮᠢᠩᠭᠠᠨ ᠪᠤᠳᠤᠭᠤ ᠶᠢᠨ ᠬᠡᠰᠢᠭ︾ ᠰᠤᠶᠤᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠭᠢᠯᠡᠭᠰᠡᠨ ᠎ ᠨᠢ ᠮᠠᠨ ᠤ ᠬᠤᠰᠢᠭᠤᠨ ᠤ ᠲᠡᠮᠡᠭᠡᠨ ᠰᠣᠶᠣᠯ ᠤᠨ ᠭᠦᠨ ᠠᠭᠤᠯᠬᠤᠨ ᠢ ᠭᠦᠢᠴᠡᠳ ᠠᠭᠤᠳᠠᠯᠵᠤ᠂ ᠰᠣᠶᠣᠯ᠂ ᠪᠡᠶ᠎ᠡ ᠲᠠᠮᠢᠷ᠂ ᠵᠢᠭᠤᠯᠴᠢᠯᠠᠯ ᠵᠡᠷᠭᠡ ᠠᠵᠤ ᠦᠢᠯᠡᠰ ᠢ ᠭᠦᠨᠵᠡᠭᠡᠢ ᠠᠭᠤᠰᠤᠯᠴᠠᠭᠤᠯᠤᠨ᠂ ᠰᠣᠶᠣᠯ ᠢᠶᠠᠷ ᠵᠠᠭᠤᠴᠢ ᠪᠣᠯᠭᠠᠵᠤ᠂ ᠵᠢᠭᠤᠯᠴᠢᠯᠠᠯ ᠳᠤ ᠠᠮᠢᠵᠢᠷᠠᠯ ᠤᠯᠭᠤᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠠᠰ ᠳᠡᠪᠰᠢᠬᠦ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠷᠬᠡᠭ ᠶᠡᠭᠡ ᠬᠦᠳᠡᠯᠭᠡᠭᠴᠢ ᠬᠦᠴᠦᠨ ᠨᠡᠮᠡᠷᠢᠯᠡᠬᠦ ᠶᠢᠨ ᠲᠥᠯᠥᠭᠡ ᠶᠤᠮ  ︾  ᠭᠡᠪᠡ᠃      ᠣᠶᠢᠯᠠᠭᠠᠭᠰᠠᠨ ᠢᠶᠠᠷ᠂ ᠲᠣᠰ ᠤᠳᠠᠭᠠᠨ ᠤ ︽ᠬᠠᠨ ᠲᠡᠭᠷᠢ ᠶᠢᠨ ᠲᠠᠯᠠᠯᠭ᠎ᠠ ᠮᠢᠩᠭᠠᠨ ᠪᠤᠳᠤᠭᠤ ᠶᠢᠨ ᠬᠡᠰᠢᠭ︾ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠪᠣᠯ ᠮᠠᠨ ᠤ ᠬᠤᠰᠢᠭᠤᠨ ᠤ 2024 ᠣᠨ ᠤ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢᠨ ᠭᠤᠶᠢᠳᠠ ᠰᠠᠶᠢᠬᠠᠨ ᠡᠬᠢᠯᠡᠯᠲᠡ ᠪᠠ ᠴᠢᠬᠤᠯᠠ ᠠᠭᠤᠯᠭ᠎ᠠ ᠪᠣᠯᠣᠨ᠎ᠠ᠃ ᠳᠠᠷᠠᠭᠠᠴᠢ ᠶᠢᠨ ᠠᠯᠬᠤᠮ ᠳᠤ᠂ ᠲᠣᠣᠷᠠᠢ ᠂ ᠰᠠᠨᠰᠠᠷ ᠤᠨ ᠠᠶᠠᠯᠠᠯ᠂ ᠪᠣᠭᠤᠮᠲᠠ᠂ ᠰᠤᠬᠠᠢ᠂ ᠪᠠᠯᠲᠤ ᠬᠡᠮᠬᠡ ᠵᠡᠷᠭᠡ ᠣᠨᠴᠠᠯᠢᠭᠲᠤ IP᠎ ᠶᠢᠨ ᠲᠣᠭᠤᠷᠢᠨ ᠳᠤ᠂ ᠰᠣᠶᠣᠯ ᠵᠢᠭᠤᠯᠴᠢᠯᠠᠯ ᠤᠨ ᠰᠢᠷᠢᠰ ᠠᠵᠢᠯᠯᠠᠭ᠎ᠠ ᠶᠢ ᠨᠠᠷᠢᠨ ᠨᠢᠮᠪᠠᠢ ᠪᠡᠯᠡᠳᠬᠡᠵᠦ᠂ ᠪᠦᠬᠦ ᠣᠷᠣᠨ ᠪᠦᠰᠡ ᠪᠦᠬᠦ ᠤᠯᠠᠷᠢᠯ ᠤᠨ ᠰᠣᠶᠣᠯ ᠵᠢᠭᠤᠯᠴᠢᠯᠠᠯ ᠤᠨ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠤᠨ᠎ᠠ᠃ 
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号