ᠬᠤᠪᠢᠯᠭᠠᠨ ᠤᠩᠭᠤᠴᠠ ᠠᠷᠪᠠᠨ ᠨᠠᠢᠮᠠᠳᠤᠭᠠᠷ ᠬᠦᠮᠦᠨ ᠰᠠᠭᠤᠯᠭᠠᠭᠰᠠᠨ ᠨᠢᠰᠬᠦ ᠤᠩᠭᠤᠴᠠ ᠠᠮᠵᠢᠯᠲᠠᠲᠠᠢ ᠰᠠᠨᠰᠠᠷ ᠲᠤ ᠭᠠᠷᠴᠤ ᠬᠥᠮᠦᠨ ᠤ ᠰᠡᠳᠭᠢᠯ ᠢ ᠬᠦᠭᠵᠢᠭᠡᠯ᠎ᠡ
ᠨᠡᠶᠢᠲᠡᠯᠡᠭᠰᠡᠨ ᠴᠠᠭ᠄
2024/4/28
      4 ᠰᠠᠷ᠎ᠠ ᠶᠢᠨ 25᠎ ᠤ ᠡᠳᠦᠷ ᠤᠨ 20 ᠴᠠᠭ 59 ᠮᠢᠨᠦ᠋ᠲ ᠲᠤ᠂ ᠬᠤᠪᠢᠯᠭᠠᠨ ᠣᠩᠭᠤᠴᠠ ᠠᠷᠪᠠᠨ ᠨᠠᠢᠮᠠᠳᠤᠭᠠᠷ ᠬᠥᠮᠥᠨ ᠰᠠᠭᠤᠯᠭᠠᠭᠰᠠᠨ ᠨᠢᠰᠬᠦ ᠣᠩᠭᠤᠴᠠ ᠶᠢ ᠡᠵᠡᠨ᠎ᠡ ᠬᠤᠰᠢᠭᠤᠨ ᠤ ᠬᠠᠷᠢᠶᠠᠨ ᠳᠠᠬᠢ ᠳ᠋ᠦᠩᠹᠧᠩ ᠰᠠᠨᠰᠠᠷ ᠤᠨ ᠬᠤᠳᠠ ᠠᠴᠠ ᠠᠮᠵᠢᠯᠲᠠᠲᠠᠢ ᠬᠠᠷᠪᠤᠵᠤ᠂ ᠮᠠᠨ ᠤ ᠬᠤᠰᠢᠭᠤᠨ ᠤ ᠺᠠᠳ᠋ᠷ ᠤᠯᠠᠨ ᠲᠦᠮᠡᠨ᠂ ᠪᠦᠬᠦ ᠤᠯᠤᠰ ᠤᠨ ᠰᠠᠨᠰᠠᠷ ᠤᠨ ᠠᠶᠠᠯᠠᠯ ᠳᠤ ᠪᠠᠭ᠋ᠠᠲᠠᠢ ᠬᠥᠮᠥᠰ ᠲᠠᠢ ᠡᠨᠡᠬᠦ ᠴᠠᠭ ᠮᠦᠴᠡ ᠶᠢ ᠬᠠᠮᠲᠤ ᠳᠠᠭᠠᠨ ᠪᠡᠯᠭᠡᠯᠡᠪᠡ᠃      ᠦᠳᠡ ᠶᠢᠨ ᠬᠤᠶᠢᠨᠠᠬᠢ 18 ᠴᠠᠭ ᠤᠨ 10 ᠮᠢᠨᠦ᠋ᠲ ᠲᠤ᠂ ᠬᠤᠪᠢᠯᠭᠠᠨ ᠣᠩᠭᠤᠴᠠ ᠠᠷᠪᠠᠨ ᠨᠠᠢᠮᠠᠳᠤᠭᠠᠷ ᠨᠢᠰᠬᠦ ᠣᠩᠭᠤᠴᠠ ᠶᠢᠨ ᠭᠤᠷᠪᠠᠨ ᠰᠠᠨᠰᠠᠷᠴᠢᠨ ᠤ ᠰᠠᠨᠰᠠᠷ ᠲᠤ ᠭᠠᠷᠬᠤ ᠶᠤᠰᠤᠯᠠᠯ ᠳᠤ ᠮᠠᠨ ᠤ ᠬᠤᠰᠢᠭᠤᠨ ᠤ ᠡᠯ᠎ᠡ ᠦᠨᠳᠦᠰᠦᠲᠡᠨ ᠤᠯᠠᠨ ᠲᠦᠮᠡᠨ ᠲᠤᠬᠠᠢ ᠶᠢᠨ ᠲᠠᠯᠠᠪᠠᠢ ᠳᠤ ᠬᠦᠷᠴᠦ᠂ ᠣᠷᠭᠢᠯᠤᠮ᠎ᠠ ᠬᠠᠯᠠᠭᠤᠨ ᠰᠡᠳᠬᠢᠯ ᠢᠶᠠᠷ ᠢᠶᠠᠨ ᠰᠠᠨᠰᠠᠷᠴᠢᠨ ᠢ ᠦᠳᠡᠨ ᠮᠤᠷᠳᠠᠭᠤᠯᠪᠠ᠃      ᠬᠤᠰᠢᠭᠤᠨ ᠤ ᠰᠠᠭᠤᠭᠠᠯᠢ ᠠᠷᠠᠳ ᠰᠤᠶᠤᠯᠪᠠᠭᠠᠲᠤᠷ ᠄  ︽ ᠪᠢ ᠪᠣᠯ ᠲᠠᠪᠤᠳᠠᠭᠢ ᠤᠳᠠᠭ᠎ᠠ ᠪᠠᠨ ᠬᠤᠪᠢᠯᠭᠠᠨ ᠤᠩᠭᠤᠴᠠ ᠶᠢᠨ ᠰᠠᠨᠰᠠᠷᠴᠢᠳ ᠢ ᠦᠳᠡᠨ ᠮᠤᠷᠳᠠᠭᠤᠯᠵᠤ ᠪᠠᠶᠢᠨ᠎ᠠ᠂ ᠮᠠᠰᠢ ᠤᠮᠤᠭᠰᠢᠵᠤ ᠶᠡᠭᠡ ᠤᠯᠵᠠᠷᠬᠠᠵᠤ         ᠪᠠᠶᠢᠨ᠎ᠠ  ︾  ᠭᠡᠪᠡ᠃      ᠬᠠᠷᠪᠤᠯᠲᠠ ᠶᠢᠨ ᠲᠠᠯᠠᠪᠠᠢ ᠶᠢᠨ  ᠳᠤᠲᠤᠷᠠᠬᠢ ᠭᠠᠳᠠᠨᠠᠬᠢ ᠶᠣᠰᠣᠯᠠᠯ ᠢ ᠰᠣᠨᠢᠷᠬᠠᠬᠤ ᠭᠠᠵᠠᠷ ᠲᠤ᠂ ᠪᠦᠬᠦ ᠤᠯᠤᠰ ᠤᠨ ᠡᠯ᠎ᠡ ᠭᠠᠵᠠᠷ ᠤᠨ 1300 ᠭᠠᠷᠤᠢ ᠰᠠᠨᠰᠠᠷ ᠤᠨ ᠠᠶᠠᠯᠠᠯ ᠳᠤ ᠪᠠᠭ᠋ᠠᠲᠠᠢ ᠬᠥᠮᠥᠰ ᠳ᠋ᠦᠩᠹᠧᠩ ᠰᠠᠨᠰᠠᠷ ᠤᠨ ᠬᠤᠳᠠ ᠳᠤ ᠴᠤᠭᠯᠠᠷᠠᠵᠤ᠂ ᠡᠨᠡᠬᠦ ᠭᠡᠷᠡᠯ ᠰᠠᠴᠤᠷᠠᠩᠭᠤᠢ ᠴᠠᠭ ᠮᠥᠴᠡ ᠶᠢ ᠬᠠᠮᠲᠤ ᠪᠠᠷ ᠬᠠᠷᠠᠵᠠᠭᠠᠪᠠ᠃      ᠵᠢᠦᠴᠢᠦᠸᠠᠨ ᠤ ᠰᠠᠨᠰᠠᠷ ᠤᠨ ᠠᠶᠠᠯᠠᠯ ᠤᠨ ᠪᠠᠭ᠋ᠠᠲᠠᠨ ᠸᠠᠩ ᠳ᠋ᠠᠨ  ᠄  ︽ ᠡᠨᠡ ᠣᠷᠣᠢ ᠪᠢᠳᠡ ᠬᠤᠪᠢᠯᠭᠠᠨ ᠣᠩᠭᠤᠴᠠ ᠠᠷᠪᠠᠨ ᠨᠠᠢᠮᠠᠳᠤᠭᠠᠷ ᠨᠢᠰᠬᠦ ᠤᠩᠭᠤᠴᠠ ᠶᠢᠨ ᠬᠠᠷᠪᠤᠯᠲᠠ ᠶᠢᠨ ᠲᠤᠬᠠᠢ ᠶᠢᠨ ᠲᠠᠯᠠᠪᠠᠢ ᠳᠤ ᠦᠵᠡᠬᠦ ᠪᠠᠷ ᠢᠷᠡᠭᠰᠡᠨ ᠳᠤ ᠪᠠᠨ ᠲᠤᠶᠢᠯ ᠤᠨ ᠠᠵᠠ ᠲᠠᠢ ᠭᠡᠵᠦ ᠪᠣᠳᠣᠵᠤ ᠪᠠᠶᠢᠨ᠎ᠠ᠂ ᠮᠠᠰᠢ ᠰᠡᠳᠬᠢᠯ ᠳᠣᠭᠳᠣᠯᠵᠤ ᠪᠠᠶᠢᠨ᠎ᠠ  ᠃ ᠡ᠊ᠨᠳᠡ ᠮᠠᠨ ᠤ ᠡᠬᠡ ᠤᠯᠤᠰ ᠤᠨ ᠰᠠᠨᠰᠠᠷ ᠤᠨ ᠦᠢᠯᠡᠰ ᠤᠨ ᠬᠥᠭᠵᠢᠯᠲᠡ ᠤᠯᠠᠮ ᠠᠴᠠ ᠤᠯᠠᠮ ᠬᠦᠴᠦᠷᠬᠡᠭᠵᠢᠬᠦ ᠶᠢ ᠬᠦᠰᠡᠶ᠎ᠡ ᠂ ᠪᠠᠰᠠ ᠮᠠᠨ ᠤ ᠡᠬᠡ ᠤᠯᠤᠰ ᠬᠥᠭᠵᠢᠨ ᠮᠠᠨᠳᠤᠵᠤ᠂ ᠴᠡᠴᠡᠭᠯᠡᠨ ᠬᠥᠭᠵᠢᠬᠦ ᠶᠢ ᠬᠦᠰᠡᠶ᠎ᠡ︾  ᠭᠡᠪᠡ᠃      ᠴᠠᠭ ᠤᠨ ᠳᠣᠬᠢᠶᠠᠨ ᠤ ᠳᠠᠭᠤᠨ ᠢ ᠳᠠᠭᠠᠯᠳᠤᠨ᠂ ᠲᠤᠬᠠᠢ ᠶᠢᠨ ᠲᠠᠯᠠᠪᠠᠶ ᠶᠢᠨ ᠣᠯᠠᠨ ᠲᠦᠮᠡᠨ ᠴᠦ ᠵᠡᠷᠭᠡᠴᠡᠨ ᠲᠤᠭᠠᠯᠠᠵᠤ᠂ ᠣᠲᠤᠭ᠎ᠠ ᠤᠨᠢᠶᠠᠷ ᠳᠡᠭᠳᠡᠨ᠂ ᠲᠡᠶᠢᠷᠦᠯᠲᠦ ᠰᠤᠮᠤ ᠠᠭᠠᠵᠢᠮ ᠢᠶᠠᠷ ᠣᠭᠲᠠᠷᠭᠤᠢ ᠳᠤ ᠳᠡᠭᠳᠡᠵᠦ᠂ ᠲᠤᠬᠠᠢ ᠶᠢᠨ ᠲᠠᠯᠠᠪᠠᠶ ᠶᠢᠨ ᠣᠯᠠᠨ ᠲᠦᠮᠡᠨ ᠥᠪᠡᠷ ᠤᠨ ᠡᠷᠬᠡ ᠦᠭᠡᠢ ᠥᠨᠳᠥᠷ ᠳᠠᠭᠤᠨ ᠢᠶᠠᠷ ᠤᠤᠬᠠᠶᠢᠯᠠᠨ᠂ ᠬᠤᠪᠢᠯᠭᠠᠨ ᠣᠩᠭᠤᠴᠠ ᠠᠷᠪᠠᠨ ᠨᠠᠢᠮᠠᠳᠤᠭᠠᠷ ᠢ ᠲᠡᠭᠦᠰ ᠠᠮᠵᠢᠯᠲᠠ ᠲᠠᠢ ᠬᠠᠷᠪᠤᠭᠰᠠᠨ ᠢ ᠬᠠᠮᠲᠤ ᠪᠠᠷ ᠪᠡᠯᠭᠡᠯᠡᠪᠡ᠃ ᠬᠠᠷᠪᠤᠯᠲᠠ ᠶᠢ ᠰᠤᠨᠢᠷᠬᠠᠬᠤ ᠲᠠᠯᠠᠪᠠᠢ ᠳᠤ᠂ ᠠᠯᠠᠱᠠ ᠠᠶᠢᠮᠠᠭ᠂ ᠵᠢᠦᠴᠢᠦᠸᠠᠨ ᠬᠤᠳᠠ᠂ ᠰᠢᠶᠠᠮᠧᠨ ᠬᠤᠳᠠ ᠵᠡᠷᠭᠡ ᠭᠠᠵᠠᠷ ᠠᠴᠠ ᠢᠷᠡᠭᠰᠡᠨ 300 ᠭᠠᠷᠤᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠡᠩᠨᠡᠭᠡ ᠪᠠᠶᠢᠵᠤ᠂ ᠲᠡᠳᠡ ᠬᠠᠷᠪᠤᠯᠲᠠ ᠶᠢᠨ ᠲᠤᠬᠠᠢ ᠶᠢᠨ ᠲᠠᠯᠠᠪᠠᠢ ᠳᠤ ᠵᠢᠵᠢᠭ ᠤᠯᠠᠭᠠᠨ ᠲᠤᠭ ᠢᠶᠠᠨ ᠨᠠᠮᠢᠷᠠᠭᠤᠯᠤᠨ᠂ ᠬᠤᠪᠢᠯᠭᠠᠨ ᠣᠩᠭᠤᠴᠠ ᠠᠷᠪᠠᠨ ᠨᠠᠢᠮᠠᠳᠤᠭᠠᠷ ᠨᠢᠰᠬᠦ ᠤᠩᠭᠤᠴᠠ ᠶᠢ ᠠᠮᠵᠢᠯᠲᠠᠲᠠᠢ ᠬᠠᠷᠪᠤᠬᠤ ᠳᠤ ᠬᠦᠴᠦ ᠨᠡᠮᠡᠷᠢᠯᠡᠨ᠎ᠡ᠃      ᠬᠤᠰᠢᠭᠤᠨ ᠤ ᠰᠠᠭᠤᠭᠠᠯᠢ ᠠᠷᠠᠳ ᠸᠧᠢ ᠰᠢᠨ ᠲᠤᠬᠠᠢ ᠶᠢᠨ ᠲᠠᠯᠠᠪᠠᠶ ᠳᠤ ᠬᠦᠷᠴᠦ ᠳᠡᠶᠢᠯᠦᠭᠰᠡᠨ ᠦᠭᠡᠢ ᠪᠣᠯᠪᠠᠴᠤ ᠬᠠᠷ᠎ᠠ ᠪᠠᠭ᠎ᠠ ᠠᠴᠠ ᠪᠠᠨ ᠡᠵᠡᠨ᠎ᠡ ᠶᠢᠨ ᠰᠠᠨᠰᠠᠷ ᠤᠨ ᠠᠶᠠᠯᠠᠯ ᠤᠨ ᠥᠯᠢᠭᠡᠷ ᠢ ᠰᠣᠨᠣᠰᠴᠤ ᠥᠰᠦᠭᠰᠡᠨ ᠲᠡᠷᠡ ᠠᠯᠢ ᠡᠷᠲᠡ ᠲᠧᠯᠸᠢᠰ ᠤᠨ ᠡᠮᠦᠨ᠎ᠡ ᠰᠠᠭᠤᠭᠠᠳ ᠬᠤᠪᠢᠯᠭᠠᠨ ᠣᠩᠭᠤᠴᠠ ᠠᠷᠪᠠᠨ ᠨᠠᠢᠮᠠᠳᠤᠭᠠᠷ ᠨᠢᠰᠬᠦ ᠤᠩᠭᠤᠴᠠ ᠶᠢᠨ ᠬᠠᠷᠪᠤᠯᠲᠠ ᠶᠢᠨ ᠪᠠᠶᠢᠳᠠᠯ ᠢ ᠬᠠᠷᠠᠬᠤ ᠶᠢᠨ ᠳᠠᠭᠠᠤ ᠳᠤ ᠪᠠᠶᠢᠨ ᠪᠠᠶᠢᠨ ᠠᠪᠤ ᠡᠵᠢ ᠳᠡᠭᠡᠨ ᠬᠠᠷᠪᠤᠯᠲᠠ ᠶᠢᠨ ᠪᠠᠶᠢᠳᠠᠯ ᠢ ᠲᠠᠶᠢᠯᠪᠤᠷᠢᠯᠠᠵᠤ ᠪᠠᠶᠢᠯ᠎ᠠ᠃ ᠸᠧᠢ ᠰᠢᠨ  ᠄  ︽ᠪᠢ ᠬᠠᠷᠠᠬᠠᠨ ᠪᠠᠭ᠎ᠠ ᠠᠴᠠ ᠪᠠᠨ ᠡᠨᠡ ᠬᠦ ᠬᠤᠪᠢᠯᠭᠠᠨ ᠣᠩᠭᠤᠴᠠ ᠶᠢ ᠬᠠᠷᠪᠤᠭᠰᠠᠨ ᠨᠤᠲᠤᠭ ᠲᠤ ᠲᠦᠷᠦᠵᠦ ᠦᠰᠦᠭᠰᠡᠨ᠂ ᠦᠨᠡᠨ ᠳᠡᠭᠡᠨ ᠥᠪᠡᠷ ᠤᠨ ᠡᠷᠬᠡ ᠦᠭᠡᠢ ᠤᠮᠤᠭᠰᠢᠳᠠᠭ᠂ ᠶᠡᠭᠡ ᠰᠤᠷᠭᠠᠭᠤᠯᠢ ᠳᠤ ᠪᠠᠶᠢᠬᠤ ᠳᠠᠭᠠᠨ ᠪᠢ ᠪᠠᠰᠠ ᠨᠠᠶᠢᠵᠠ ᠨᠠᠷ ᠲᠤ ᠪᠠᠨ ᠪᠠᠶᠢᠩᠭᠤ ᠦᠪᠡᠷ ᠤᠨ ᠨᠤᠲᠤᠭ ᠢᠶᠠᠨ ᠶᠠᠷᠢᠵᠦ᠂ ᠬᠤᠪᠢᠯᠭᠠᠨ ᠤᠩᠭᠤᠴᠠ ᠶᠢ ᠮᠠᠨ ᠤ ᠨᠤᠲᠤᠭ ᠠᠴᠠ ᠬᠠᠷᠪᠤᠭᠰᠠᠨ ᠭᠡᠵᠦ ᠤᠮᠤᠭᠰᠢᠳᠠᠭ ᠪᠠᠶᠢᠭᠰᠠᠨ ︾ ᠭᠡᠪᠡ᠃      ᠮᠠᠨ ᠤ ᠬᠤᠰᠢᠭᠤ ᠪᠣᠯ ᠬᠤᠪᠢᠯᠭᠠᠨ ᠣᠩᠭᠤᠴᠠ ᠰᠢᠷᠢᠰ ᠨᠢᠰᠬᠦ ᠣᠩᠭᠤᠴᠠ ᠶᠢᠨ ᠬᠠᠷᠪᠤᠯᠲᠠ ᠶᠢᠨ ᠭᠠᠵᠠᠷ ᠪᠣᠯᠬᠤ ᠪᠥᠭᠡᠳ ᠪᠠᠰᠠ ᠴᠤ ᠡᠬᠡ ᠣᠷᠣᠨᠴᠢ ᠰᠡᠳᠬᠢᠯᠭᠡ ᠶᠢ ᠨᠢᠭᠲᠠᠷᠠᠭᠤᠯᠤᠭᠰᠠᠨ ᠬᠠᠯᠠᠭᠤᠨ ᠬᠥᠷᠥᠰᠥ ᠪᠣᠯᠣᠨ᠎ᠠ᠃ 1958 ᠣᠨ ᠳᠤ ᠭᠡᠷᠡᠯ ᠠᠪᠤ ᠡᠵᠢ ᠲᠠᠢ ᠪᠠᠨ ᠬᠠᠮᠲᠤ ᠤᠮᠠᠷᠠᠰᠢ ᠨᠡᠭᠦᠳᠡᠯᠯᠡᠵᠦ᠂ ᠲᠠᠩᠰᠤᠭ ᠰᠠᠶᠢᠬᠠᠨ ᠨᠤᠲᠤᠭ ᠪᠡᠯᠴᠢᠭᠡᠷ ᠢᠶᠠᠨ ᠡᠬᠡ ᠤᠯᠤᠰ ᠤᠨ ᠢᠶᠠᠨ ᠪᠠᠲᠤᠯᠠᠨ ᠬᠠᠮᠠᠭᠠᠯᠠᠯᠲᠠ ᠶᠢᠨ ᠦᠢᠯᠡᠰ ᠲᠤ ᠡᠷᠭᠦᠭᠰᠡᠨ ᠶᠤᠮ᠃ ᠤᠳᠤ ᠬᠠᠷᠢᠨ ᠡᠨᠡᠬᠦ ᠬᠦᠷᠦᠰᠦᠨ ᠠᠴᠠ ᠬᠤᠪᠢᠯᠭᠠᠨ ᠤᠩᠭᠤᠴᠠ ᠰᠢᠷᠢᠰ ᠨᠢᠰᠬᠦ ᠤᠩᠭᠤᠴᠠ ᠶᠢᠨ ᠬᠠᠷᠪᠤᠯᠲᠠ ᠶᠢ ᠦᠵᠡᠬᠡᠳ᠂  ᠵᠦᠢᠷᠯᠡᠰᠢ ᠦᠭᠡᠢ ᠣᠮᠣᠭᠰᠢᠳᠠᠭ ᠭᠡᠵᠦ ᠪᠠᠶᠠᠷᠲᠠᠶᠢᠬᠠᠨ ᠪᠠᠶᠢᠯ᠎ᠠ᠃ ᠭᠡᠷᠡᠯ  ᠄  ︽ ᠪᠢ ᠪᠣᠯ 58 ᠣᠨ ᠤ ᠦᠶ᠎ᠡ ᠳᠤ ᠨᠡᠭᠦᠭᠰᠡᠨ ᠮᠠᠯᠴᠢᠨ ᠶᠤᠮ ᠂ ᠥᠨᠥᠳᠥᠷ ᠪᠢ ᠬᠤᠪᠢᠯᠭᠠᠨ ᠣᠩᠭᠤᠴᠠ ᠠᠷᠪᠠᠨ ᠨᠠᠢᠮᠠᠳᠤᠭᠠᠷ ᠨᠢᠰᠬᠦ ᠤᠩᠭᠤᠴᠠ ᠶᠢᠨ ᠬᠠᠷᠪᠤᠯᠲᠠ ᠶᠢ ᠦᠵᠡᠭᠡᠳ ᠲᠤᠶᠢᠯ ᠢᠶᠠᠷ ᠳᠣᠭᠳᠣᠯᠤᠨ ᠂ ᠡᠬᠡ ᠤᠯᠤᠰ ᠤᠨ ᠢᠶᠠᠨ ᠬᠦᠴᠦᠷᠬᠡᠭᠵᠢᠯ ᠢ ᠬᠠᠷᠠᠭᠠᠳ ᠲᠤᠶᠢᠯ ᠢᠶᠠᠷ ᠪᠠᠶᠠᠷᠯᠠᠵᠤ᠂ ᠲᠤᠶᠢᠯ ᠢᠶᠠᠷ ᠣᠮᠣᠭᠰᠢᠵᠤ ᠪᠠᠶᠢᠨ᠎ᠠ  ︾  ᠭᠡᠪᠡ᠃ 
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号