︽ᠳᠡᠭᠡᠭᠰᠢ ᠰᠤᠷᠪᠤᠯᠵᠢᠯᠠᠬᠤ︾ ᠠᠵᠢᠯ ᠤᠨ ᠬᠤᠪᠢᠷᠠᠯᠳᠠ ᠶᠢ ᠪᠠᠳᠣᠳᠬᠠᠵᠣ ︽ᠳᠣᠷᠣᠭᠰᠢ ᠰᠤᠷᠪᠤᠯᠵᠢᠯᠠᠬᠤ︾ | ᠠᠵᠢᠯ ᠢ ᠣᠯᠠᠮ ᠨᠢᠭᠡ ᠠᠯᠬᠤᠮ ᠦᠷ᠎ᠡ ᠪᠦᠲᠦᠮᠵᠢ ᠣᠯᠬᠤ ᠶᠢᠨ ᠲᠣᠰᠠᠳᠠ᠂ ᠤᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠰᠣᠨᠣᠰᠴᠤ᠂ ᠤᠯᠠᠨ ᠲᠦᠮᠡᠨ ᠤ ᠠᠰᠠᠭᠤᠳᠠᠯ ᠢ ᠰᠡᠳᠬᠢᠯ ᠨᠢᠬᠡᠳᠣᠨ ᠰᠢᠢᠳᠪᠦᠷᠢᠯᠡᠪᠡ᠃ | ᠣᠶᠢᠷ᠎ᠠ ᠳᠤ᠂ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠠᠶᠢᠯ | ᠡᠷᠦᠬᠡ ᠳᠤ ᠬᠦᠷᠴᠦ ᠰᠤᠷᠪᠤᠯᠵᠢᠯᠠᠬᠤ ᠶᠠᠪᠤᠴᠠ ᠳᠠᠭᠠᠨ ᠬᠠᠷᠢᠶᠠᠲᠤ ᠣᠷᠣᠨ ᠤ ᠨᠢᠭᠡᠨ ᠮᠠᠯᠴᠢᠨ ᠡᠷᠣᠬᠡ | ᠭᠡᠷ ᠤᠨ ᠢᠶᠠᠨ ᠡᠮᠦᠨ᠎ᠡ ᠬᠤᠶᠢᠨ᠎ᠠ ᠵᠣᠯᠵᠠᠭᠠᠨ ᠮᠣᠳᠣ ᠵᠠᠶᠢᠯᠠᠵᠣ᠂ ᠰᠠᠯᠬᠢᠨ ᠢ ᠬᠠᠯᠬᠠᠯᠠᠨ ᠡᠯᠡᠰᠦ ᠶᠢ | ᠲᠣᠭᠲᠠᠪᠤᠷᠢᠵᠢᠭᠤᠯᠬᠤ᠂ ᠤᠰᠤ ᠰᠢᠷᠣᠢ ᠶᠢ ᠲᠣᠭᠲᠠᠪᠤᠷᠢᠵᠢᠭᠤᠯᠬᠤ ᠳᠤ ᠲᠦᠬᠦᠮ ᠪᠣᠯᠵᠣ᠂ ᠭᠠᠴᠠᠭᠠᠨ ᠤ ᠣᠷᠣᠰᠢᠨ | ᠰᠠᠭᠤᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠠᠨᠠᠭ᠎ᠠ ᠲᠠᠢ ᠪᠠᠶᠢᠬᠤ ᠶᠢ ᠣᠶᠢᠯᠠᠭᠠᠭᠰᠠᠨ ᠪᠠᠶᠢᠨ᠎ᠠ᠃ ᠣᠯᠠᠨ | ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠮᠡᠳᠡᠭᠰᠡᠨ ᠤ ᠳᠠᠷᠠᠭ᠎ᠠ᠂ ᠪᠠᠯᠭᠠᠰᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠡᠵᠡᠨ᠎ᠡ ᠬᠤᠰᠢᠭᠤᠨ ᠤ ᠤᠯᠤᠰ ᠤᠨ ᠥᠮᠴᠢᠯᠡᠯ ᠤᠨ ᠣᠶ ᠰᠢᠭᠤᠢ ᠶᠢᠨ ᠲᠠᠯᠠᠪᠠᠶ ᠲᠠᠢ ᠢᠳᠡᠪᠬᠢᠲᠡᠢ ᠪᠠᠷ | ᠨᠡᠪᠲᠡᠷᠡᠯᠴᠡᠨ ᠵᠣᠬᠢᠴᠠᠭᠤᠯᠵᠤ᠂ ᠲᠣᠣᠷᠠᠢ ᠶᠢᠨ ᠵᠣᠯᠵᠠᠭᠠᠨ ᠮᠣᠳᠣ ᠶᠢ ᠣᠯᠬᠤ ᠪᠠᠷ ᠴᠢᠷᠮᠠᠶᠢᠬᠤ ᠶᠢᠨ ᠬᠠᠮᠲᠤ | ᠵᠣᠯᠵᠠᠭᠠᠨ ᠮᠣᠳᠣ ᠶᠢ ᠰᠢᠯᠵᠢᠭᠦᠯᠦᠨ ᠤᠷᠭᠤᠭᠤᠯᠬᠤ ᠠᠵᠢᠯ ᠢ ᠨᠢ ᠬᠠᠪᠰᠣᠷᠪᠠ᠃ | ᠦᠨᠳᠦᠰᠦᠨ ᠱᠠᠲᠤ ᠪᠣᠯ ᠨᠡᠶᠢᠭᠡᠮ ᠤᠨ ᠵᠠᠰᠠᠯᠲᠠ ᠶᠢᠨ ᠬᠠᠮᠤᠭ ᠤᠨ ᠡᠴᠦᠰ ᠤᠨ ᠦᠵᠦᠭᠦᠷ᠂ ᠤᠯᠠᠨ | ᠲᠦᠮᠡᠨ ᠳᠤ ᠦᠢᠯᠡᠴᠢᠯᠡᠬᠦ ᠬᠠᠮᠤᠭ ᠤᠨ ᠡᠮᠦᠨ᠎ᠡ ᠹᠷᠣᠨᠲ ᠮᠥᠨ᠃ ᠰᠤᠮᠤ ᠪᠠᠯᠭᠠᠰᠤᠨ ᠤ ᠰᠠᠬᠢᠯᠭ᠎ᠠ ᠪᠠᠲᠤ | ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠪᠣᠯᠤᠭᠰᠠᠨ ᠤ ᠬᠤᠪᠢ ᠳᠤ᠂ ᠣᠯᠠᠨ ᠲᠦᠮᠡᠨ ᠤ ᠰᠠᠨᠠᠯ ᠢ ᠰᠣᠨᠣᠰᠬᠤ ᠳᠠᠭᠠᠨ | ᠨᠠᠩ ᠴᠢᠳᠠᠮᠠᠭᠠᠢ ᠪᠠᠶᠢᠵᠤ᠂ ᠠᠷᠠᠳ ᠲᠦᠮᠡᠨ ᠤ ᠬᠡᠷᠡᠭᠴᠡᠭᠡ ᠶᠢ ︽ᠬᠦᠯᠢᠴᠡᠩᠭᠦᠢ ᠪᠠᠷ︾ ᠠᠰᠠᠭᠤᠬᠤ ᠶᠢ | ᠪᠠᠷᠢᠮᠲᠠᠯᠠᠨ᠂ ︽ᠦᠨᠡᠨᠴᠢ ᠰᠡᠳᠬᠢᠯ ᠢᠶᠠᠷ︾ ᠠᠷᠠᠳ ᠠᠴᠠ ᠢᠯᠡᠭᠦᠦ ᠰᠣᠨᠣᠰᠬᠤ ᠶᠢ ᠪᠠᠲᠤᠯᠠᠵᠤ᠂ ︽ᠳᠠᠷᠤᠤ | ᠬᠢᠴᠢᠶᠡᠩᠭᠦᠢ ᠪᠠᠷ︾ ᠠᠷᠭ᠎ᠠ ᠪᠣᠳᠣᠯᠭ᠎ᠠ ᠡᠷᠢᠯᠬᠢᠯᠡᠬᠦ ᠶᠢ ᠪᠠᠷᠢᠮᠲᠠᠯᠠᠨ᠂ ᠪᠣᠳᠠᠲᠤ ᠪᠠᠶᠢᠳᠠᠯ ᠳᠤ ︽ᠪᠡᠶ᠎ᠡ ᠪᠠᠷ ᠢᠶᠠᠨ | ᠣᠷᠣᠵᠤ︾᠂ ᠣᠯᠠᠨ ᠲᠦᠮᠡᠨ ᠢ ︽ᠰᠡᠳᠬᠢᠯ ᠢᠶᠠᠷ ᠢᠶᠠᠨ︾᠂ ᠠᠷᠠᠳ ᠣᠯᠠᠨ ᠤ ᠬᠠᠮᠤᠭ ᠠᠴᠠ ᠠᠩᠬᠠᠷᠴᠤ | ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠨᠠᠮ ᠪᠠ ᠣᠯᠠᠨ ᠲᠦᠮᠡᠨ᠂ ᠺᠠᠳ᠋ᠷ ᠪᠠ ᠣᠯᠠᠨ ᠲᠦᠮᠡᠨ ᠤ ᠬᠠᠷᠢᠴᠠᠭ᠎ᠠ ᠶᠢ ᠣᠶᠢᠷᠠᠳᠣᠭᠤᠯᠪᠠ᠃ | |