ᠡᠵᠡᠨ᠎ᠡ ᠬᠤᠰᠢᠭᠤ ᠤᠯᠠᠨ ᠠᠷᠭ᠎ᠠ ᠠᠪᠴᠠᠯ ᠢᠶᠠᠷ ᠨᠡᠶᠢᠭᠡᠮ ᠤᠨ ᠠᠪᠤᠷᠠᠨ ᠲᠤᠰᠠᠯᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠪᠠ
ᠨᠡᠶᠢᠲᠡᠯᠡᠭᠰᠡᠨ ᠴᠠᠭ᠄
2024/4/29
      ᠡᠵᠡᠨ᠎ᠡ ᠬᠤᠰᠢᠭᠤ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ ︽ᠰᠠᠨᠠᠭᠠᠴᠢᠯᠠᠭ᠎ᠠ ᠠᠴᠠ ᠪᠠᠨ ᠮᠡᠳᠡᠭᠳᠡᠬᠦ᠂ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ ᠲᠦᠷᠭᠡᠨ  ᠂ ᠴᠠᠭ ᠲᠤᠬᠠᠶ ᠳᠤᠨᠢ ᠠᠪᠤᠷᠠᠨ ᠲᠤᠰᠠᠯᠠᠬᠤ︾ ᠠᠵᠢᠯ ᠤᠨ ᠵᠠᠭᠪᠤᠷ ᠢ ᠪᠠᠶᠢᠭᠤᠯᠤᠨ ᠪᠦᠷᠢᠨᠰᠢᠬᠦᠯᠵᠦ᠂ ᠠᠪᠤᠷᠠᠨ ᠲᠤᠰᠠᠯᠠᠵᠤ ᠪᠠᠷᠢᠮᠵᠢᠶ᠎ᠠ ᠶᠢ ᠳᠡᠭᠡᠭᠰᠢᠯᠡᠭᠦᠯᠬᠦ᠂ ᠠᠪᠤᠷᠠᠨ ᠲᠤᠰᠠᠯᠠᠵᠤ ᠡᠷᠬᠡ ᠶᠢ ᠲᠠᠯᠪᠢᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠡᠶᠢᠭᠡᠮ ᠤᠨ ᠠᠪᠤᠷᠠᠨ ᠲᠤᠰᠠᠯᠠᠬᠤ ︽ᠬᠤᠷᠳᠤᠴᠠ ᠶᠢ ᠲᠦᠷᠭᠡᠳᠭᠡᠵᠦ︾ᠡᠯ᠎ᠡ ᠵᠦᠢᠯ ᠤᠨ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠬᠢᠭᠤᠯᠵᠤ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠪᠠ᠃ ᠨᠢᠭᠡ᠂ ᠲᠣᠭᠲᠠᠴᠠ ᠶᠢ ᠪᠦᠷᠢᠨᠰᠢᠭᠦᠯᠵᠦ ᠬᠥᠳᠡᠯᠦᠩᠭᠦᠶ ᠨᠡᠮᠡᠭᠳᠡᠭᠦᠯᠦᠨ᠎ᠡ᠃ ᠪᠥᠬᠦ ᠬᠤᠰᠢᠭᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠦᠷᠭᠦᠯᠵᠢᠯᠡᠨ 17 ᠵᠢᠯ  ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 2021 ᠣᠨ ᠤ ᠬᠢ ᠠᠴᠠ 6% ᠪᠠᠷ ᠨᠡᠮᠡᠭᠳᠡᠭᠦᠯᠵᠦ᠂ 995 ᠲᠥᠭᠦᠷᠢᠭ / ᠬᠥᠮᠦᠨ / ᠰᠠᠷ᠎ᠠ ᠪᠣᠯᠲᠠᠯ᠎ᠠ  ᠂ ᠬᠥᠮᠦᠨ ᠪᠦᠷᠢ ᠰᠠᠷ᠎ᠠ ᠳᠤ 60 ᠲᠥᠭᠦᠷᠢᠭ ᠨᠡᠮᠡᠭᠳᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ 2022 ᠣᠨ ᠤ 17148 ᠲᠥᠭᠦᠷᠢᠭ / ᠵᠢᠯ ᠤᠨ ᠰᠠᠭᠤᠷᠢᠨ ᠳᠡᠭᠡᠷ᠎ᠡ ᠳᠡᠭᠡᠭᠰᠢᠯᠡᠭᠦᠯᠵᠦ᠂ ᠬᠥᠮᠦᠨ ᠪᠦᠷᠢ ᠰᠠᠷ᠎ᠠ ᠳᠤ 667 ᠲᠥᠭᠦᠷᠢᠭ     2023 ᠣᠨ ᠳᠤ 4 ᠡᠷᠦᠬᠡ 4 ᠬᠥᠮᠦᠨ ᠤ ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ ᠬᠥᠮᠦᠰ ᠲᠤ 1.13 ᠲᠦᠮᠡᠨ ᠲᠥᠭᠦᠷᠢᠭ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠪᠠᠯᠠ ᠮᠥᠩᠭᠦ ᠨᠥᠬᠦᠪᠥᠷᠢᠯᠡᠨ ᠃ ᠬᠣᠲᠠ ᠬᠥᠳᠡᠭᠡ ᠣᠷᠣᠨ ᠪᠦᠰᠡ ᠶᠢᠨ ᠵᠥᠷᠢᠶ᠎ᠡ ᠶᠢ ᠤᠯᠠᠮ ᠨᠢᠭᠡ ᠠᠯᠬᠤᠮ ᠪᠠᠭᠠᠰᠬᠠᠵᠤ᠂ᠨᠡᠶᠢᠭᠡᠮ ᠦᠨ ᠠᠪᠤᠷᠠᠨ ᠲᠤᠰᠠᠯᠠᠬᠤ ᠳᠤ ᠬᠣᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠶᠢ ᠪᠡᠶᠡᠯᠡᠭᠦᠯᠵᠦ᠂ᠬᠣᠲᠠ ᠶᠢᠨ ᠦᠢᠯᠡᠴᠢᠯᠡᠭᠡᠨ ᠦ ᠲᠡᠩᠴᠡᠭᠦᠷᠢᠵᠢᠯᠲᠡ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ᠃ ᠬᠤᠶᠠᠷ᠂ ᠡᠷᠬᠡ ᠶᠢ ᠳᠣᠷᠣᠭᠰᠢ ᠪᠠᠭᠤᠯᠭᠠᠬᠤ ᠴᠠᠭ ᠤᠨ ᠬᠢᠵᠠᠭᠠᠷ ᠢ ᠪᠣᠭᠤᠨᠢᠰᠬᠠᠪᠠ᠃ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠶᠢᠨ ᠲᠦᠷ ᠴᠠᠭ ᠤᠨ ᠠᠪᠤᠷᠠᠨ ᠲᠤᠰᠠᠯᠠᠬᠤ ᠪᠡᠯᠡᠳᠬᠡᠯ ᠮᠥᠩᠭᠦ ᠶᠢᠨ ᠲᠦᠷᠢᠮ ᠢ ᠢᠳᠡᠪᠬᠢᠲᠡᠶ ᠬᠡᠷᠡᠭᠵᠢᠭᠦᠯᠦᠨ᠎ᠡ᠃ 2023 ᠣᠨ ᠠᠴᠠ ᠨᠠᠰᠢ᠂ ᠪᠥᠬᠦ ᠬᠤᠰᠢᠭᠤᠨ ᠤ 43 ᠡᠷᠦᠬᠡ ᠶᠢᠨ 116 ᠬᠥᠮᠦᠨ ᠢ ᠲᠦᠷ ᠴᠠᠭ ᠠᠪᠤᠷᠠᠨ ᠲᠤᠰᠠᠯᠠᠵᠤ᠂ 38.9 ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠪᠠᠯᠠ ᠮᠥᠩᠭᠦ ᠲᠠᠷᠬᠠᠭᠠᠪᠠ᠃ ᠬᠠᠮᠤᠭ ᠤᠨ ᠲᠦᠷᠦᠭᠦᠨ ᠳᠤ ᠪᠥᠬᠦ ᠠᠶᠢᠮᠠᠭ ᠤᠨ ᠬᠡᠪᠴᠢᠶᠡᠨ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ᠂ ᠲᠦᠷ ᠴᠠᠭ ᠤᠨ ᠠᠪᠤᠷᠠᠨ ᠲᠤᠰᠠᠯᠠᠯᠲᠠ ᠵᠡᠷᠭᠡ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠳᠤ ᠪᠠᠭᠤᠯᠭᠠᠵᠤ᠂ ᠬᠦᠢᠴᠡᠳᠭᠡᠭᠰᠡᠨ ᠵᠦᠢᠯᠡᠰ ᠢ ᠤᠤᠯ ᠤᠨ ᠬᠦᠢᠴᠡᠳᠭᠡᠭᠰᠡᠨ ᠴᠠᠭ ᠤᠨ ᠬᠢᠵᠠᠭᠠᠷ ᠤᠨ ᠲᠠᠯ᠎ᠠ ᠪᠠᠷ ᠴᠥᠮ 7 ᠪᠠᠭᠠᠰᠬᠠᠵᠤ᠂ ᠠᠷᠠᠳ ᠢᠷᠭᠡᠳ ᠬᠠᠮᠤᠭ ᠤᠨ ᠲᠦᠷᠭᠡᠨ ᠬᠤᠷᠳᠤᠴᠠ ᠪᠠᠷ ᠬᠡᠷ ᠤᠨ ᠡᠭᠦᠳᠡᠨ ᠳᠤ ᠡᠯ᠎ᠡ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠯᠲᠠ ᠶᠢ ᠭᠤᠶᠤᠴᠢᠯᠠᠨ ᠭᠦᠢᠴᠡᠳᠭᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ ᠭᠤᠷᠪᠠ᠂ ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ᠃ ᠪᠥᠬᠦ ᠬᠤᠰᠢᠭᠤᠨ ᠤ ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ ᠬᠦᠴᠦᠨ ᠢ ᠭᠦᠢᠴᠡᠳ ᠪᠠᠳᠠᠷᠠᠭᠤᠯᠵᠤ᠂ ᠰᠤᠮᠤ ᠪᠠᠯᠭᠠᠰᠤ᠂ ᠭᠠᠴᠠᠭ᠎ᠠ ᠨᠡᠶᠢᠭᠡᠮ ᠲᠣᠭᠤᠷᠢᠭ ᠤᠨ ᠠᠷᠠᠳ ᠤᠨ ᠶᠠᠪᠤᠳᠠᠯ ᠤᠨ ᠲᠤᠰᠬᠠᠶ ᠺᠠᠳ᠋ᠷ᠂ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ᠂ ᠨᠡᠶᠢᠭᠡᠮ ᠤᠨ ᠠᠵᠢᠯᠲᠠᠨ ᠵᠡᠷᠭᠡ ᠶᠢ ᠵᠣᠬᠢᠶᠠᠨ ᠪᠠᠶᠢᠭᠤᠯᠤᠨ ᠳᠠᠶᠢᠴᠢᠯᠠᠵᠤ᠂ ᠬᠦᠴᠢᠷᠳᠡᠯᠲᠡᠶ ᠣᠯᠠᠨ ᠲᠦᠮᠡᠨ ᠢ ᠪᠥᠬᠦ ᠲᠠᠯ᠎ᠠ ᠪᠠᠷ ᠰᠤᠷᠪᠤᠯᠵᠢᠯᠠᠨ ᠦᠵᠡᠵᠦ᠂ ᠲᠠᠷᠠᠬᠠᠶ ᠪᠤᠲᠠᠷᠬᠠᠶ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠶ ᠬᠥᠮᠦᠰ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠤᠨ ᠳᠣᠲᠣᠷᠠᠬᠢ ᠭᠠᠭᠴᠠᠭᠠᠷ ᠰᠠᠭᠤᠭ᠎ᠠ ᠨᠠᠰᠤᠲᠠᠶᠢᠴᠤᠳ ᠵᠡᠷᠭᠡ ᠣᠨᠴᠠᠭᠠᠶ ᠬᠥᠮᠦᠰ ᠢ ᠭᠤᠤᠯᠳᠠᠯᠭ᠎ᠠ ᠲᠠᠢ ᠠᠩᠬᠠᠷᠴᠤ᠂ ᠲᠡᠳᠡᠨ ᠢ ᠬᠠᠪᠰᠤᠷᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠠᠮᠢᠳᠤᠷᠠᠯ ᠤᠨ ᠬᠦᠴᠢᠷᠳᠡᠯ ᠢ ᠨᠢ ᠰᠢᠢᠳᠪᠦᠷᠢᠯᠡᠵᠦ᠂ ᠬᠦᠴᠢᠷᠳᠡᠯᠲᠡᠶ ᠣᠯᠠᠨ ᠲᠦᠮᠡᠨ ᠢ ᠬᠠᠯᠠᠮᠵᠢᠯᠠᠨ ᠬᠠᠶᠢᠷᠠᠯᠠᠬᠤ ᠠᠵᠢᠯ ᠢ ᠰᠡᠳᠬᠢᠯ ᠳᠡᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠠᠶᠢᠲᠤᠷ ᠬᠢᠬᠦ ᠬᠡᠷᠡᠭᠲᠡᠶ᠃ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠤᠳᠤᠷᠢᠳᠬᠤ ᠪᠠᠭ ᠲᠤᠰᠬᠠᠶᠢᠯᠠᠨ ᠪᠠᠶᠠᠨᠬᠤᠲᠠ ᠳᠤ ᠣᠷᠳᠣ ᠬᠤᠭᠤᠴᠠᠭ᠎ᠠ ᠪᠠᠷ ᠰᠠᠭᠤᠵᠤ ᠪᠠᠶᠢᠭ᠎ᠠ ᠮᠠᠨ ᠤ ᠬᠤᠰᠢᠭᠤᠨ ᠤ ᠬᠡᠰᠡᠭ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠦᠢᠯᠡᠴᠢᠯᠡᠭᠡᠨ ᠤ ᠡᠲᠡᠭᠡᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠬᠠᠯᠠᠮᠵᠢᠯᠠᠯ ᠪᠠ ᠵᠥᠩᠨᠡᠯ ᠬᠦᠷᠭᠡᠪᠡ᠃ ᠲᠥᠪᠯᠡᠷᠡᠯ ᠤᠨ ᠪᠠ ᠡᠷᠦᠬᠡ ᠳᠤ ᠣᠷᠣᠵᠤ ᠲᠠᠷᠬᠠᠭᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ︽ᠬᠤᠶᠠᠷ ᠪᠠᠶᠠᠷ︾ ᠤᠨ ᠬᠦᠴᠢᠷᠳᠡᠯ ᠢ ᠬᠠᠪᠰᠤᠷᠤᠨ ᠲᠣᠬᠤᠨᠢᠭᠤᠯᠬᠤ ᠠᠵᠢᠯᠯᠠᠭ᠎ᠠ ᠶᠢ ᠥᠷᠨᠢᠭᠦᠯᠵᠦ᠂ 2024 ᠣᠨ ᠳᠤ ᠪᠥᠬᠦ ᠬᠤᠰᠢᠭᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ 135 ᠡᠷᠦᠬᠡ ᠶᠢ ᠲᠣᠬᠤᠨᠢᠭᠤᠯᠵᠤ᠂         8.2 ᠲᠦᠮᠡᠨ ᠲᠥᠭᠦᠷᠢᠭ ᠤᠨ ᠪᠠᠯᠠ ᠮᠥᠩᠭᠦ ᠤᠯᠪᠠ᠃ ᠲᠦᠷᠪᠡ᠂ ᠬᠤᠷᠢᠭ᠎ᠠ ᠱᠤᠭᠤᠮ ᠢ ᠪᠠᠲᠤ ᠰᠠᠬᠢᠵᠤ ᠠᠷᠠᠳ ᠤᠨ ᠠᠮᠢᠳᠤᠷᠠᠯ ᠢ ᠪᠠᠲᠤᠯᠠᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ ᠬᠦᠴᠢᠷᠳᠡᠯᠲᠡᠶ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠥᠷᠢ ᠶᠢᠨ ᠪᠠᠯᠠ ᠮᠥᠩᠭᠦ ᠶᠢᠨ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠵᠦ᠂ ᠪᠠᠯᠠ ᠮᠥᠩᠭᠦ ᠶᠢ ᠰᠢᠯᠵᠢᠭᠦᠯᠦᠨ ᠥᠭᠬᠦ᠂ ᠲᠣᠭᠠᠴᠠᠭ᠎ᠠ ᠬᠢᠵᠦ ᠲᠠᠩᠰᠠ ᠬᠠᠷᠭᠤᠭᠤᠯᠬᠤ ᠵᠡᠷᠭᠡ ᠡᠯ᠎ᠡ ᠵᠦᠢᠯ ᠤᠨ ᠠᠵᠢᠯ ᠢ ᠴᠠᠭ ᠲᠤᠬᠠᠶ ᠳᠤᠨᠢ ᠪᠡᠶᠡᠯᠡᠭᠦᠯᠦᠨ᠎ᠡ᠃ 2024 ᠣᠨ ᠳᠤ᠂ ᠪᠥᠬᠦ ᠬᠤᠰᠢᠭᠤᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠣᠨᠴᠠ ᠬᠦᠴᠢᠷᠳᠡᠯᠲᠡᠶ 268 ᠬᠥᠮᠦᠰ ᠪᠠ ᠲᠦᠷ ᠴᠠᠭ ᠤᠨ ᠴᠢᠨᠠᠷᠲᠠᠶ ᠠᠮᠢᠳᠤᠷᠠᠯ ᠤᠨ ᠬᠦᠴᠢᠷᠳᠡᠯᠲᠡᠶ ᠬᠡᠷ ᠪᠦᠯᠢ ᠳᠤ ᠡᠯ᠎ᠡ ᠲᠥᠷᠥᠯ ᠤᠨ ᠪᠠᠯᠠ ᠮᠥᠩᠭᠦ ᠨᠡᠶᠢᠲᠡ 48.03 ᠲᠦᠮᠡᠨ ᠲᠥᠭᠦᠷᠢᠭ ᠲᠠᠷᠬᠠᠭᠠᠪᠠ᠃ ᠡᠭᠦᠨ ᠳᠤ᠂ 75 ᠡᠷᠦᠬᠡ ᠶᠢᠨ 98 ᠨᠡᠷᠡᠰ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠲᠤ 32.5 ᠲᠦᠮᠡᠨ ᠲᠥᠭᠦᠷᠢᠭ ᠣᠯᠭᠤᠵᠤ᠂ 12 ᠨᠡᠷᠡᠰ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ ᠬᠥᠮᠦᠰ ᠲᠤ 13.86 ᠲᠦᠮᠡᠨ ᠲᠥᠭᠦᠷᠢᠭ ᠣᠯᠭᠤᠵᠤ᠂ 72 ᠡᠷᠦᠬᠡ ᠶᠢᠨ ᠪᠠᠲᠤᠯᠠᠭ᠎ᠠ ᠶᠢᠨ ᠡᠲᠡᠭᠡᠳ ᠲᠤ ᠳᠥᠷᠪᠡᠳᠦᠭᠡᠷ ᠤᠯᠠᠷᠢᠯ ᠤᠨ ᠴᠠᠬᠢᠯᠭᠠᠨ ᠤ ᠦᠨ᠎ᠡ ᠶᠢᠨ ᠨᠥᠬᠦᠪᠥᠷᠢ 0.13 ᠲᠦᠮᠡᠨ ᠲᠥᠭᠦᠷᠢᠭ ᠣᠯᠭᠤᠵᠤ᠂ 108 ᠨᠡᠷᠡᠰ ᠪᠠᠲᠤᠯᠠᠭ᠎ᠠ ᠶᠢᠨ ᠡᠲᠡᠭᠡᠳ ᠲᠤ ᠨᠢᠭᠡ ᠯᠡ ᠤᠳᠠᠭ᠎ᠠ ᠶᠢᠨ ᠴᠢᠨᠠᠷᠲᠠᠶ ᠠᠮᠢᠳᠤᠷᠠᠯ ᠤᠨ ᠨᠥᠬᠦᠪᠥᠷᠢ 0.54 ᠲᠦᠮᠡᠨ ᠲᠥᠭᠦᠷᠢᠭ ᠣᠯᠭᠤᠪᠠ᠃ ᠲᠠᠪᠤ᠂ ᠬᠥᠳᠡᠯᠦᠩᠭᠦᠶ ᠬᠢᠨᠠᠯᠲᠠ ᠬᠠᠮᠢᠶᠠᠷᠤᠯᠲᠠ ᠰᠠᠨᠠᠭᠠᠴᠢᠯᠠᠭ᠎ᠠ ᠠᠴᠠ ᠪᠠᠨ ᠠᠪᠤᠷᠠᠨ ᠲᠤᠰᠠᠯᠠᠬᠤ ᠬᠡᠷᠡᠭᠲᠡᠶ᠃ ︽ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠲᠠᠪᠴᠠᠩ᠂ ᠠᠮᠠᠷᠬᠠᠨ ᠶᠠᠳᠠᠭᠤᠷᠠᠬᠤ ᠳᠠᠬᠢᠨ ᠶᠠᠳᠠᠭᠤᠷᠠᠬᠤ ᠶᠢ ᠬᠢᠨᠠᠨ ᠬᠡᠮᠵᠢᠬᠦ ᠲᠠᠪᠴᠠᠩ᠂ ᠰᠠᠭᠤᠭᠠᠯᠢ ᠠᠷᠠᠳ ᠤᠨ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ ᠬᠠᠷᠭᠤᠭᠤᠯᠬᠤ ᠲᠠᠪᠴᠠᠩ ᠤᠨ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠷᠢᠭᠤ ᠲᠤᠰᠬᠠᠬᠤ ᠠᠵᠢᠯ ᠤᠨ ᠲᠣᠭᠲᠠᠴᠠ︾ ︽3. 1︾ ᠣᠯᠠᠨ ᠲᠠᠯ᠎ᠠ ᠠᠴᠠ ᠪᠣᠰᠤᠭ᠎ᠠ ᠴᠣᠭᠴᠠ ᠪᠠᠷ ᠳᠠᠬᠢᠨ ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠵᠦ᠂ ᠬᠦᠴᠢᠷᠳᠡᠯᠲᠡᠶ ᠣᠯᠠᠨ ᠲᠦᠮᠡᠨ ᠤ ᠰᠠᠭᠤᠷᠢ ᠲᠤᠭ᠎ᠠ ᠶᠢ ᠪᠥᠬᠦ ᠲᠠᠯ᠎ᠠ ᠪᠠᠷ ᠤᠶᠢᠯᠠᠭᠠᠨ᠂ ᠬᠦᠴᠢᠷᠳᠡᠯᠲᠡᠶ ᠣᠯᠠᠨ ᠲᠦᠮᠡᠨ ᠤ ᠬᠥᠳᠡᠯᠦᠩᠭᠦᠶ ᠬᠢᠨᠠᠨ ᠬᠡᠮᠵᠢᠯᠲᠡ ᠶᠢᠨ ᠡᠬᠡ ᠲᠠᠩᠰᠠ ᠶᠢ ᠪᠠᠶᠢᠭᠤᠯᠵᠤ᠂ ᠬᠦᠴᠢᠷᠳᠡᠯ ᠤᠨ ᠬᠡᠮᠵᠢᠶ᠎ᠡ ᠶᠣᠰᠣᠭᠠᠷ ᠬᠡᠷᠡᠭᠴᠡᠭᠡ ᠶᠣᠰᠣᠭᠠᠷ ᠲᠡᠳᠡᠨ ᠳᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠯᠲᠠ᠂ ᠲᠦᠷ ᠴᠠᠭ ᠤᠨ ᠠᠪᠤᠷᠠᠨ ᠲᠤᠰᠠᠯᠠᠯᠲᠠ ᠵᠡᠷᠭᠡ ᠦᠢᠯᠡᠴᠢᠯᠡᠭᠡ ᠬᠠᠩᠭᠠᠨ᠎ᠠ᠃ 2024 ᠣᠨ ᠳᠤ ᠡᠯ᠎ᠡ ᠲᠥᠷᠥᠯ ᠤᠨ ᠲᠤᠭ᠎ᠠ ᠪᠠᠷᠢᠮᠲᠠ ᠶᠢ ᠨᠡᠶᠢᠲᠡ 989 ᠬᠠᠷᠭᠤᠭᠤᠯᠵᠤ᠂ 6 ᠬᠥᠮᠦᠨ ᠢ ᠬᠥᠳᠡᠯᠦᠩᠭᠦᠶ ᠪᠠᠷ ᠲᠣᠬᠢᠷᠠᠭᠤᠯᠪᠠ᠃ ᠬᠦᠨᠳᠦ ᠵᠡᠮᠳᠡᠭ᠂ ᠨᠠᠰᠤᠨ ᠳᠤ ᠬᠦᠷᠦᠭᠰᠡᠨ ᠠᠵᠢᠯ ᠦᠭᠡᠢ ᠬᠦᠨᠳᠦ ᠵᠡᠮᠳᠡᠭ ᠤᠨ ︽ᠭᠠᠭᠴᠠ ᠬᠦᠮᠦᠨ ᠤ ᠳᠠᠭᠠᠳᠬᠠᠯ︾ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠠᠭᠠᠳᠯᠠᠨ ᠲᠣᠭᠲᠠᠭᠠᠬᠤ ᠨᠥᠬᠦᠴᠡᠯ ᠢ ᠠᠭᠤᠵᠢᠭᠤ ᠲᠠᠯᠪᠢᠵᠤ᠂ ᠠᠪᠤᠷᠠᠨ ᠲᠤᠰᠠᠯᠠᠬᠤ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠥᠷᠭᠡᠳᠬᠡᠨ᠂ ᠠᠵᠢᠯ ᠦᠭᠡᠢ ᠬᠦᠨᠳᠦ ᠵᠡᠮᠳᠡᠭᠴᠦᠳ ᠵᠡᠷᠭᠡ ᠪᠠᠭᠤᠷᠠᠶᠢᠴᠤᠤᠯ ᠳᠤ ᠨᠡᠩ ᠣᠯᠠᠨ ᠬᠠᠷᠠᠭᠠᠯᠵᠠᠯ ᠦᠵᠡᠭᠦᠯᠦᠨ᠎ᠡ᠃ 2023 ᠣᠨ ᠠᠴᠠ ᠨᠠᠰᠢ᠂ ᠪᠥᠬᠦ ᠬᠤᠰᠢᠭᠤᠨ ᠤ ᠠᠵᠢᠯ ᠥᠬᠡᠶ 183 ᠬᠦᠨᠳᠦ ᠵᠡᠮᠳᠡᠭᠴᠦᠳ ᠢ ᠤᠶᠢᠯᠠᠭᠠᠨ ᠪᠠᠶᠢᠴᠠᠭᠠᠵᠤ᠂ 16 ᠬᠥᠮᠦᠨ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠰᠢᠨ᠎ᠡ ᠪᠠᠷ ᠣᠷᠣᠭᠤᠯᠪᠠ᠃ ︽ᠬᠠᠪᠰᠤᠷᠬᠤ ᠶᠣᠰᠣᠲᠠᠢ ᠶᠢ ᠨᠢ ᠪᠦᠬᠦᠨ ᠢ ᠬᠠᠪᠰᠤᠷᠬᠤ᠂ ᠠᠪᠤᠷᠠᠪᠠᠰᠤ ᠵᠣᠬᠢᠬᠤ ᠶᠢ ᠨᠢ ᠪᠦᠬᠦᠨ ᠢ ᠠᠪᠤᠷᠠᠬᠤ᠂ ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠬᠤ︾ ᠶᠢ ᠪᠡᠶᠡᠯᠡᠭᠦᠯᠦᠨ᠎ᠡ᠃ ᠵᠢᠷᠭᠤᠭ᠎ᠠ᠂ ᠲᠥᠷᠥ ᠶᠢᠨ ᠪᠣᠳᠣᠯᠭ᠎ᠠ ᠶᠢ ᠣᠨᠣᠪᠴᠢᠲᠠᠶ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠬᠤᠤᠰ ᠴᠢᠭᠯᠡᠯ ᠢᠶᠠᠷ ᠬᠦᠴᠦᠯᠡᠵᠦ᠂ ᠠᠷᠠᠳ ᠤᠨ ᠶᠠᠪᠤᠳᠠᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠪᠡ᠃ ︽ᠰᠦᠯᠵᠢᠶᠡᠨ ᠳᠡᠭᠡᠷ᠎ᠡ︾ ᠭᠠᠷ ᠤᠲᠠᠰᠤᠨ ᠤ ᠨᠡᠶᠢᠲᠡ ᠶᠢᠨ ᠠᠰᠠᠷᠠᠮᠵᠢ ᠶᠢᠨ ᠣᠬᠤᠷ ᠮᠡᠳᠡᠭᠡ᠂ ᠠᠩᠬᠠᠨ ᠤ ᠡᠭᠦᠳᠦᠯᠲᠡ ᠶᠢᠨ ᠵᠠᠷᠯᠠᠯ ᠂ ᠣᠯᠠᠨ ᠨᠡᠶᠢᠲᠡ ᠶᠢᠨ ᠳ᠋ᠤᠭᠠᠷ᠂ ᠸᠢᠳᠢᠣ᠋ ᠳ᠋ᠤᠭᠠᠷ ᠵᠡᠷᠭᠡ ᠬᠡᠯᠪᠡᠷᠢ ᠪᠠᠷ ᠳᠠᠮᠵᠢᠭᠤᠯᠤᠨ ᠥᠷᠭᠡᠨ ᠣᠯᠠᠨ ᠲᠦᠮᠡᠨ ᠳᠤ ᠨᠡᠶᠢᠭᠡᠮ ᠤᠨ ᠠᠪᠤᠷᠠᠨ ᠲᠤᠰᠠᠯᠠᠬᠤ ᠳᠤ ᠬᠢᠨᠠᠯᠲᠠ ᠲᠠᠯᠪᠢᠬᠤ ᠤᠲᠠᠰᠤ ᠶᠢ ᠢᠯᠡ ᠨᠡᠶᠢᠲᠡᠯᠡᠵᠦ᠂ ᠵᠢᠷᠤᠭ ᠪᠢᠴᠢᠭ ᠢ ᠤᠶᠠᠯᠳᠤᠭᠤᠯᠬᠤ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠠᠷᠭ᠎ᠠ ᠮᠠᠶ᠋ᠢᠭ ᠢᠶᠠᠷ ᠠᠪᠤᠷᠠᠨ ᠲᠤᠰᠠᠯᠠᠬᠤ ᠶᠢ ᠭᠤᠶᠤᠴᠢᠯᠠᠬᠤ ᠨᠥᠬᠦᠴᠡᠯ᠂ ᠭᠦᠶᠴᠡᠳᠬᠡᠬᠦ ᠲᠠᠰ ᠳᠠᠷᠠᠭᠠᠯᠠᠯ ᠵᠡᠷᠭᠡ ᠮᠡᠳᠡᠯᠭᠡ ᠶᠢ ᠲᠦᠭᠡᠮᠡᠯᠵᠢᠭᠦᠯᠪᠡ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠬᠤᠲᠠ ᠬᠥᠳᠡᠭᠡ ᠶᠢᠨ ᠣᠨᠴᠠ ᠬᠦᠴᠢᠷᠳᠡᠯ᠂ ᠲᠦᠷ ᠴᠠᠭ ᠤᠨ ᠠᠪᠤᠷᠠᠨ ᠲᠤᠰᠠᠯᠠᠯᠲᠠ ᠵᠡᠷᠭᠡ ᠨᠡᠶᠢᠭᠡᠮ ᠤᠨ ᠠᠪᠤᠷᠠᠨ ᠲᠤᠰᠠᠯᠠᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠢᠯᠡ ᠨᠡᠶᠢᠲᠡᠯᠡᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠠᠩᠬᠠᠷᠴᠤ᠂ ᠣᠷᠣᠯᠴᠠᠭᠤᠯᠵᠤ᠂ ᠳᠡᠮᠵᠢᠭᠦᠯᠬᠦ ᠬᠡᠷᠡᠭᠲᠡᠢ᠃  ︽ᠰᠦᠯᠵᠢᠶᠡᠨ ᠭᠠᠳᠠᠨ᠎ᠠ︾ ᠨᠢ ᠬᠤᠷᠠᠯ ᠢᠶᠠᠷ ᠪᠣᠯᠪᠠᠰᠤᠷᠠᠯ ᠢ ᠣᠷᠣᠯᠠᠭᠤᠯᠬᠤ᠂ ᠡᠷᠦᠬᠡ ᠳᠤ ᠬᠦᠷᠴᠦ ᠰᠤᠷᠪᠤᠯᠵᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ︽ᠨᠢᠭᠡ ᠲᠠᠩᠰᠠ︾᠂ ︽ᠪᠦᠬᠦᠨ ᠳᠤ ᠳᠣᠭᠢᠷᠠᠬᠤ ᠺᠠᠷᠲ︾ ᠢ ᠤᠬᠠᠭᠤᠯᠤᠨ ᠲᠠᠶᠢᠯᠪᠤᠷᠢᠯᠠᠵᠤ᠂ ︽ᠨᠢᠭᠡ ᠺᠠᠷᠲ ᠢᠶᠠᠷ ᠨᠡᠪᠲᠡᠷᠡᠬᠦ︾ ᠶᠢ ᠲᠣᠳᠣᠷᠬᠠᠶ ᠶᠠᠷᠢᠵᠤ᠂ ᠡᠯ᠎ᠡ ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠣᠯᠠᠨ ᠲᠦᠮᠡᠨ ᠳᠤ ᠦᠨᠡᠨ ᠬᠦ ᠰᠠᠶᠢᠨ ᠶᠠᠪᠤᠳᠠᠯ᠂ ᠬᠦᠴᠢᠷ ᠶᠠᠪᠤᠳᠠᠯ ᠢ ᠰᠢᠢᠳᠪᠦᠷᠢᠯᠡᠵᠦ᠂ ᠠᠷᠠᠳ ᠣᠯᠠᠨ ᠢ ᠲᠥᠷᠥ ᠶᠢᠨ ᠪᠣᠳᠣᠯᠭ᠎ᠠ ᠶᠢᠨ ︽ᠮᠡᠷᠭᠡᠨ ᠬᠥᠮᠦᠨ︾ ᠪᠣᠯᠭᠠᠪᠠ᠃ 
 
ᠢᠷᠡᠯᠲᠡ᠄     
 
 
ᠬᠠᠮᠢᠶ᠎ᠠ ᠪᠥᠬᠦᠢ ᠰᠤᠨᠢᠨ
 
2014-2015 ©                      蒙ICP备05070829号