ᠡᠵᠡᠨ᠎ᠡ ᠬᠤᠰᠢᠭᠤ ᠨᠡᠶᠢᠭᠡᠮ ᠤᠨ ᠠᠪᠤᠷᠠᠨ ᠲᠤᠰᠠᠯᠠᠬᠤ ᠲᠦᠷᠢᠮ ᠤᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠵᠤ᠂ | ︽ᠰᠠᠨᠠᠭᠠᠴᠢᠯᠠᠭ᠎ᠠ ᠠᠴᠠ ᠪᠠᠨ ᠮᠡᠳᠡᠭᠳᠡᠬᠦ᠂ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ ᠲᠦᠷᠭᠡᠨ ᠬᠠᠷᠢᠭᠤ ᠥᠭᠬᠦ᠂ ᠴᠠᠭ | ᠲᠤᠬᠠᠶ ᠳᠤᠨᠢ ᠠᠪᠤᠷᠠᠨ ᠲᠤᠰᠠᠯᠠᠬᠤ︾ ᠠᠵᠢᠯ ᠤᠨ ᠵᠠᠭᠪᠤᠷ ᠢ ᠪᠠᠶᠢᠭᠤᠯᠤᠨ ᠪᠦᠷᠢᠨᠰᠢᠬᠦᠯᠵᠦ᠂ ᠠᠪᠤᠷᠠᠨ ᠲᠤᠰᠠᠯᠠᠵᠤ | ᠪᠠᠷᠢᠮᠵᠢᠶ᠎ᠠ ᠶᠢ ᠳᠡᠭᠡᠭᠰᠢᠯᠡᠭᠦᠯᠬᠦ᠂ ᠠᠪᠤᠷᠠᠨ ᠲᠤᠰᠠᠯᠠᠵᠤ ᠡᠷᠬᠡ ᠶᠢ ᠲᠠᠯᠪᠢᠬᠤ ᠵᠡᠷᠭᠡ | ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠡᠶᠢᠭᠡᠮ ᠤᠨ ᠠᠪᠤᠷᠠᠨ ᠲᠤᠰᠠᠯᠠᠬᠤ ︽ᠬᠤᠷᠳᠤᠴᠠ ᠶᠢ ᠲᠦᠷᠭᠡᠳᠭᠡᠵᠦ︾ | ᠡᠯ᠎ᠡ ᠵᠦᠢᠯ ᠤᠨ ᠨᠡᠶᠢᠭᠡᠮ ᠤᠨ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠬᠢᠭᠤᠯᠵᠤ᠂ | ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠪᠠ᠃ ᠨᠢᠭᠡ᠂ ᠲᠣᠭᠲᠠᠴᠠ ᠶᠢ ᠪᠦᠷᠢᠨᠰᠢᠭᠦᠯᠵᠦ | ᠬᠥᠳᠡᠯᠦᠩᠭᠦᠶ ᠨᠡᠮᠡᠭᠳᠡᠭᠦᠯᠦᠨ᠎ᠡ᠃ ᠪᠥᠬᠦ ᠬᠤᠰᠢᠭᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠶᠢᠨ ᠪᠠᠷᠢᠮᠵᠢᠶ᠎ᠠ ᠶᠢ ᠦᠷᠭᠦᠯᠵᠢᠯᠡᠨ 17 ᠵᠢᠯ ᠳᠡᠭᠡᠭᠰᠢᠯᠡᠨ᠂ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ 2021 | ᠣᠨ ᠤ ᠬᠢ ᠠᠴᠠ 6% ᠪᠠᠷ ᠨᠡᠮᠡᠭᠳᠡᠭᠦᠯᠵᠦ᠂ 995 ᠲᠥᠭᠦᠷᠢᠭ / ᠬᠥᠮᠦᠨ / ᠰᠠᠷ᠎ᠠ | ᠪᠣᠯᠲᠠᠯ᠎ᠠ ᠳᠡᠭᠡᠭᠰᠢᠯᠡᠵᠦ ᠂ ᠬᠥᠮᠦᠨ ᠪᠦᠷᠢ ᠰᠠᠷ᠎ᠠ ᠳᠤ 60 ᠲᠥᠭᠦᠷᠢᠭ ᠨᠡᠮᠡᠭᠳᠡᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠬᠦ ᠪᠠᠷᠢᠮᠵᠢᠶ᠎ᠠ ᠶᠢ | 2022 ᠣᠨ ᠤ 17148 ᠲᠥᠭᠦᠷᠢᠭ / ᠵᠢᠯ ᠤᠨ ᠰᠠᠭᠤᠷᠢᠨ ᠳᠡᠭᠡᠷ᠎ᠡ ᠳᠡᠭᠡᠭᠰᠢᠯᠡᠭᠦᠯᠵᠦ᠂ ᠬᠥᠮᠦᠨ ᠪᠦᠷᠢ ᠰᠠᠷ᠎ᠠ ᠳᠤ | 667 ᠲᠥᠭᠦᠷᠢᠭ ᠳᠡᠭᠡᠭᠰᠢᠯᠡᠪᠡ᠃ 2023 ᠣᠨ ᠳᠤ 4 ᠡᠷᠦᠬᠡ 4 ᠬᠥᠮᠦᠨ ᠤ ᠮᠠᠯᠵᠢᠬᠤ ᠲᠠᠷᠢᠶᠠᠯᠠᠬᠤ ᠣᠷᠣᠨ ᠤ | ᠣᠨᠴᠠ ᠬᠦᠴᠢᠷᠳᠡᠯᠲᠡᠶ ᠬᠥᠮᠦᠰ ᠲᠤ 1.13 ᠲᠦᠮᠡᠨ ᠲᠥᠭᠦᠷᠢᠭ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠪᠠᠯᠠ | ᠮᠥᠩᠭᠦ ᠨᠥᠬᠦᠪᠥᠷᠢᠯᠡᠨ ᠣᠯᠭᠤᠪᠠ᠃ ᠬᠣᠲᠠ ᠬᠥᠳᠡᠭᠡ ᠣᠷᠣᠨ ᠪᠦᠰᠡ ᠶᠢᠨ ᠵᠥᠷᠢᠶ᠎ᠡ ᠶᠢ ᠤᠯᠠᠮ ᠨᠢᠭᠡ | ᠠᠯᠬᠤᠮ ᠪᠠᠭᠠᠰᠬᠠᠵᠤ᠂ᠨᠡᠶᠢᠭᠡᠮ ᠦᠨ ᠠᠪᠤᠷᠠᠨ ᠲᠤᠰᠠᠯᠠᠬᠤ ᠳᠤ ᠬᠣᠲᠠ ᠬᠥᠳᠡᠭᠡ ᠶᠢ ᠨᠢᠭᠡᠳᠦᠯᠲᠡᠶ ᠲᠥᠯᠥᠪᠯᠡᠬᠦ ᠶᠢ | ᠪᠡᠶᠡᠯᠡᠭᠦᠯᠵᠦ᠂ᠬᠣᠲᠠ ᠶᠢᠨ ᠦᠢᠯᠡᠴᠢᠯᠡᠭᠡᠨ ᠦ ᠲᠡᠩᠴᠡᠭᠦᠷᠢᠵᠢᠯᠲᠡ ᠶᠢᠨ | ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ᠃ ᠬᠤᠶᠠᠷ᠂ ᠡᠷᠬᠡ ᠶᠢ ᠳᠣᠷᠣᠭᠰᠢ ᠪᠠᠭᠤᠯᠭᠠᠬᠤ ᠴᠠᠭ ᠤᠨ ᠬᠢᠵᠠᠭᠠᠷ ᠢ ᠪᠣᠭᠤᠨᠢᠰᠬᠠᠪᠠ᠃ | ᠰᠤᠮᠤ ᠪᠠᠯᠭᠠᠰᠤ ︵ᠵᠡᠭᠡᠯᠢ ᠭᠤᠳᠤᠮᠵᠢ ᠶᠢᠨ ᠠᠯᠪᠠᠨ ᠬᠡᠷ︶ ᠶᠢᠨ ᠲᠦᠷ ᠴᠠᠭ ᠤᠨ ᠠᠪᠤᠷᠠᠨ ᠲᠤᠰᠠᠯᠠᠬᠤ ᠪᠡᠯᠡᠳᠬᠡᠯ | ᠮᠥᠩᠭᠦ ᠶᠢᠨ ᠲᠦᠷᠢᠮ ᠢ ᠢᠳᠡᠪᠬᠢᠲᠡᠶ ᠬᠡᠷᠡᠭᠵᠢᠭᠦᠯᠦᠨ᠎ᠡ᠃ 2023 ᠣᠨ ᠠᠴᠠ ᠨᠠᠰᠢ᠂ ᠪᠥᠬᠦ | ᠬᠤᠰᠢᠭᠤᠨ ᠤ 43 ᠡᠷᠦᠬᠡ ᠶᠢᠨ 116 ᠬᠥᠮᠦᠨ ᠢ ᠲᠦᠷ ᠴᠠᠭ ᠠᠪᠤᠷᠠᠨ ᠲᠤᠰᠠᠯᠠᠵᠤ᠂ 38.9 | ᠲᠦᠮᠡᠨ ᠲᠥᠭᠦᠷᠢᠭ ᠤᠨ ᠠᠪᠤᠷᠠᠨ ᠲᠤᠰᠠᠯᠠᠬᠤ ᠪᠠᠯᠠ ᠮᠥᠩᠭᠦ ᠲᠠᠷᠬᠠᠭᠠᠪᠠ᠃ ᠬᠠᠮᠤᠭ ᠤᠨ ᠲᠦᠷᠦᠭᠦᠨ ᠳᠤ | ᠪᠥᠬᠦ ᠠᠶᠢᠮᠠᠭ ᠤᠨ ᠬᠡᠪᠴᠢᠶᠡᠨ ᠳᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ᠂ | ᠲᠦᠷ ᠴᠠᠭ ᠤᠨ ᠠᠪᠤᠷᠠᠨ ᠲᠤᠰᠠᠯᠠᠯᠲᠠ ᠵᠡᠷᠭᠡ ᠬᠢᠨᠠᠨ ᠵᠥᠪᠰᠢᠶᠡᠷᠡᠬᠦ ᠡᠷᠬᠡ ᠮᠡᠳᠡᠯ ᠤᠨ ᠬᠡᠪᠴᠢᠶ᠎ᠡ ᠶᠢ ᠰᠤᠮᠤ ᠪᠠᠯᠭᠠᠰᠤ | ︵ᠵᠡᠭᠡᠯᠢ ᠭᠤᠳᠤᠮᠵᠢ ᠶᠢᠨ ᠠᠯᠪᠠᠨ ᠬᠡᠷ︶ ᠳᠤ ᠪᠠᠭᠤᠯᠭᠠᠵᠤ᠂ ᠬᠦᠢᠴᠡᠳᠭᠡᠭᠰᠡᠨ ᠵᠦᠢᠯᠡᠰ ᠢ ᠤᠤᠯ ᠤᠨ ᠬᠦᠢᠴᠡᠳᠭᠡᠭᠰᠡᠨ | ᠴᠠᠭ ᠤᠨ ᠬᠢᠵᠠᠭᠠᠷ ᠤᠨ ᠲᠠᠯ᠎ᠠ ᠪᠠᠷ ᠴᠥᠮ 7ᠭᠠᠷᠠᠭ ᠪᠠᠭᠠᠰᠬᠠᠵᠤ᠂ ᠠᠷᠠᠳ ᠢᠷᠭᠡᠳ ᠬᠠᠮᠤᠭ ᠤᠨ ᠲᠦᠷᠭᠡᠨ | ᠬᠤᠷᠳᠤᠴᠠ ᠪᠠᠷ ᠬᠡᠷ ᠤᠨ ᠡᠭᠦᠳᠡᠨ ᠳᠤ ᠪᠠᠨ ᠡᠯ᠎ᠡ ᠲᠥᠷᠥᠯ ᠤᠨ ᠨᠡᠶᠢᠭᠡᠮ ᠤᠨ ᠠᠪᠤᠷᠠᠨ | ᠲᠤᠰᠠᠯᠠᠯᠲᠠ ᠶᠢ ᠭᠤᠶᠤᠴᠢᠯᠠᠨ ᠭᠦᠢᠴᠡᠳᠭᠡᠵᠦ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠪᠡ᠃ ᠭᠤᠷᠪᠠ᠂ | ᠠᠷᠠᠳ ᠤᠨ ᠰᠡᠳᠬᠢᠯ ᠢ ᠳᠤᠯᠠᠭᠠᠴᠠᠭᠤᠯᠤᠨ᠎ᠠ᠃ ᠪᠥᠬᠦ ᠬᠤᠰᠢᠭᠤᠨ ᠤ ᠦᠨᠳᠦᠰᠦᠨ ᠱᠠᠲᠤᠨ ᠤ ᠠᠷᠠᠳ ᠤᠨ ᠶᠠᠪᠤᠳᠠᠯ ᠤᠨ | ᠬᠦᠴᠦᠨ ᠢ ᠭᠦᠢᠴᠡᠳ ᠪᠠᠳᠠᠷᠠᠭᠤᠯᠵᠤ᠂ ᠰᠤᠮᠤ ᠪᠠᠯᠭᠠᠰᠤ᠂ ᠭᠠᠴᠠᠭ᠎ᠠ ᠨᠡᠶᠢᠭᠡᠮ ᠲᠣᠭᠤᠷᠢᠭ ᠤᠨ | ᠠᠷᠠᠳ ᠤᠨ ᠶᠠᠪᠤᠳᠠᠯ ᠤᠨ ᠲᠤᠰᠬᠠᠶ ᠺᠠᠳ᠋ᠷ᠂ ᠨᠡᠶᠢᠭᠡᠮ ᠤᠨ ᠠᠪᠤᠷᠠᠨ ᠲᠤᠰᠠᠯᠠᠬᠤ ᠲᠤᠰᠠᠯᠠᠭᠴᠢ᠂ | ᠨᠡᠶᠢᠭᠡᠮ ᠤᠨ ᠠᠵᠢᠯᠲᠠᠨ ᠵᠡᠷᠭᠡ ᠶᠢ ᠵᠣᠬᠢᠶᠠᠨ ᠪᠠᠶᠢᠭᠤᠯᠤᠨ ᠳᠠᠶᠢᠴᠢᠯᠠᠵᠤ᠂ ᠬᠦᠴᠢᠷᠳᠡᠯᠲᠡᠶ ᠣᠯᠠᠨ | ᠲᠦᠮᠡᠨ ᠢ ᠪᠥᠬᠦ ᠲᠠᠯ᠎ᠠ ᠪᠠᠷ ᠰᠤᠷᠪᠤᠯᠵᠢᠯᠠᠨ ᠦᠵᠡᠵᠦ᠂ ᠲᠠᠷᠠᠬᠠᠶ ᠪᠤᠲᠠᠷᠬᠠᠶ ᠠᠰᠠᠷᠠᠨ ᠲᠡᠵᠢᠭᠡᠵᠦ ᠪᠠᠶᠢᠭ᠎ᠠ ᠣᠨᠴᠠ | ᠬᠦᠴᠢᠷᠳᠡᠯᠲᠡᠶ ᠬᠥᠮᠦᠰ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠤᠨ ᠳᠣᠲᠣᠷᠠᠬᠢ | ᠭᠠᠭᠴᠠᠭᠠᠷ ᠰᠠᠭᠤᠭ᠎ᠠ ᠨᠠᠰᠤᠲᠠᠶᠢᠴᠤᠳ ᠵᠡᠷᠭᠡ ᠣᠨᠴᠠᠭᠠᠶ ᠬᠥᠮᠦᠰ ᠢ ᠭᠤᠤᠯᠳᠠᠯᠭ᠎ᠠ ᠲᠠᠢ ᠠᠩᠬᠠᠷᠴᠤ᠂ | ᠲᠡᠳᠡᠨ ᠢ ᠬᠠᠪᠰᠤᠷᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠠᠮᠢᠳᠤᠷᠠᠯ ᠤᠨ | ᠬᠦᠴᠢᠷᠳᠡᠯ ᠢ ᠨᠢ ᠰᠢᠢᠳᠪᠦᠷᠢᠯᠡᠵᠦ᠂ ᠬᠦᠴᠢᠷᠳᠡᠯᠲᠡᠶ ᠣᠯᠠᠨ ᠲᠦᠮᠡᠨ ᠢ ᠬᠠᠯᠠᠮᠵᠢᠯᠠᠨ | ᠬᠠᠶᠢᠷᠠᠯᠠᠬᠤ ᠠᠵᠢᠯ ᠢ ᠰᠡᠳᠬᠢᠯ ᠳᠡᠯᠪᠢᠨ ᠬᠠᠶᠢᠷ᠎ᠠ ᠰᠡᠳᠬᠢᠯᠭᠡ ᠲᠠᠢ ᠪᠠᠷ ᠬᠦᠴᠦᠯᠡᠨ ᠰᠠᠶᠢᠲᠤᠷ | ᠬᠢᠬᠦ ᠬᠡᠷᠡᠭᠲᠡᠶ᠃ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ᠂ ᠤᠳᠤᠷᠢᠳᠬᠤ ᠪᠠᠭ ᠲᠤᠰᠬᠠᠶᠢᠯᠠᠨ | ᠪᠠᠶᠠᠨᠬᠤᠲᠠ ᠳᠤ ᠣᠷᠳᠣ ᠬᠤᠭᠤᠴᠠᠭ᠎ᠠ ᠪᠠᠷ ᠰᠠᠭᠤᠵᠤ ᠪᠠᠶᠢᠭ᠎ᠠ ᠮᠠᠨ ᠤ ᠬᠤᠰᠢᠭᠤᠨ ᠤ ᠬᠡᠰᠡᠭ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠣᠨᠴᠠ ᠬᠦᠴᠢᠷᠳᠡᠯᠲᠡᠶ ᠦᠢᠯᠡᠴᠢᠯᠡᠭᠡᠨ ᠤ ᠡᠲᠡᠭᠡᠳ ᠢ ᠪᠣᠯᠭᠤᠭᠠᠨ ᠲᠣᠬᠤᠨᠢᠭᠤᠯᠵᠤ᠂ | ᠲᠡᠳᠡᠨ ᠳᠤ ᠬᠠᠯᠠᠮᠵᠢᠯᠠᠯ ᠪᠠ ᠵᠥᠩᠨᠡᠯ ᠬᠦᠷᠭᠡᠪᠡ᠃ ᠲᠥᠪᠯᠡᠷᠡᠯ ᠤᠨ ᠪᠠ ᠡᠷᠦᠬᠡ ᠳᠤ ᠣᠷᠣᠵᠤ ᠲᠠᠷᠬᠠᠭᠠᠬᠤ ᠶᠢ | ᠤᠶᠠᠯᠳᠤᠭᠤᠯᠬᠤ ᠠᠷᠭ᠎ᠠ ᠮᠠᠶ᠋ᠢᠭ ᠢᠶᠠᠷ ︽ᠬᠤᠶᠠᠷ ᠪᠠᠶᠠᠷ︾ ᠤᠨ ᠬᠦᠴᠢᠷᠳᠡᠯ ᠢ ᠬᠠᠪᠰᠤᠷᠤᠨ | ᠲᠣᠬᠤᠨᠢᠭᠤᠯᠬᠤ ᠠᠵᠢᠯᠯᠠᠭ᠎ᠠ ᠶᠢ ᠥᠷᠨᠢᠭᠦᠯᠵᠦ᠂ 2024 ᠣᠨ ᠳᠤ ᠪᠥᠬᠦ ᠬᠤᠰᠢᠭᠤᠨ ᠤ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ᠂ ᠣᠨᠴᠠ ᠬᠦᠴᠢᠷᠳᠡᠯᠲᠡᠶ 135 ᠡᠷᠦᠬᠡ ᠶᠢ ᠲᠣᠬᠤᠨᠢᠭᠤᠯᠵᠤ᠂ | 8.2 ᠲᠦᠮᠡᠨ ᠲᠥᠭᠦᠷᠢᠭ ᠤᠨ ᠪᠠᠯᠠ ᠮᠥᠩᠭᠦ ᠤᠯᠪᠠ᠃ ᠲᠦᠷᠪᠡ᠂ ᠬᠤᠷᠢᠭ᠎ᠠ ᠱᠤᠭᠤᠮ ᠢ ᠪᠠᠲᠤ ᠰᠠᠬᠢᠵᠤ ᠠᠷᠠᠳ ᠤᠨ | ᠠᠮᠢᠳᠤᠷᠠᠯ ᠢ ᠪᠠᠲᠤᠯᠠᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠲᠠᠢ ᠬᠠᠮᠲᠤᠷᠠᠨ | ᠬᠦᠴᠢᠷᠳᠡᠯᠲᠡᠶ ᠣᠯᠠᠨ ᠲᠦᠮᠡᠨ ᠢ ᠲᠡᠩᠬᠡᠷᠡᠭᠦᠯᠦᠨ ᠲᠤᠰᠠᠯᠠᠬᠤ ᠨᠥᠬᠦᠪᠥᠷᠢ ᠶᠢᠨ ᠪᠠᠯᠠ | ᠮᠥᠩᠭᠦ ᠶᠢᠨ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠵᠦ᠂ ᠪᠠᠯᠠ ᠮᠥᠩᠭᠦ ᠶᠢ ᠰᠢᠯᠵᠢᠭᠦᠯᠦᠨ ᠥᠭᠬᠦ᠂ | ᠲᠣᠭᠠᠴᠠᠭ᠎ᠠ ᠬᠢᠵᠦ ᠲᠠᠩᠰᠠ ᠬᠠᠷᠭᠤᠭᠤᠯᠬᠤ ᠵᠡᠷᠭᠡ ᠡᠯ᠎ᠡ ᠵᠦᠢᠯ ᠤᠨ ᠠᠵᠢᠯ ᠢ ᠴᠠᠭ ᠲᠤᠬᠠᠶ ᠳᠤᠨᠢ ᠪᠡᠶᠡᠯᠡᠭᠦᠯᠦᠨ᠎ᠡ᠃ | 2024 ᠣᠨ ᠳᠤ᠂ ᠪᠥᠬᠦ ᠬᠤᠰᠢᠭᠤᠨ ᠤ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ | ᠣᠨᠴᠠ ᠬᠦᠴᠢᠷᠳᠡᠯᠲᠡᠶ 268 ᠬᠥᠮᠦᠰ ᠪᠠ ᠲᠦᠷ ᠴᠠᠭ ᠤᠨ ᠴᠢᠨᠠᠷᠲᠠᠶ ᠠᠮᠢᠳᠤᠷᠠᠯ ᠤᠨ ᠬᠦᠴᠢᠷᠳᠡᠯᠲᠡᠶ ᠬᠡᠷ ᠪᠦᠯᠢ ᠳᠤ | ᠡᠯ᠎ᠡ ᠲᠥᠷᠥᠯ ᠤᠨ ᠪᠠᠯᠠ ᠮᠥᠩᠭᠦ ᠨᠡᠶᠢᠲᠡ 48.03 ᠲᠦᠮᠡᠨ ᠲᠥᠭᠦᠷᠢᠭ ᠲᠠᠷᠬᠠᠭᠠᠪᠠ᠃ ᠡᠭᠦᠨ ᠳᠤ᠂ 75 | ᠡᠷᠦᠬᠡ ᠶᠢᠨ 98 ᠨᠡᠷᠡᠰ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠲᠤ 32.5 ᠲᠦᠮᠡᠨ | ᠲᠥᠭᠦᠷᠢᠭ ᠣᠯᠭᠤᠵᠤ᠂ 12 ᠨᠡᠷᠡᠰ ᠬᠤᠲᠠ ᠬᠥᠳᠡᠭᠡ ᠶᠢᠨ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ | ᠬᠥᠮᠦᠰ ᠲᠤ 13.86 ᠲᠦᠮᠡᠨ ᠲᠥᠭᠦᠷᠢᠭ ᠣᠯᠭᠤᠵᠤ᠂ 72 ᠡᠷᠦᠬᠡ ᠶᠢᠨ ᠪᠠᠲᠤᠯᠠᠭ᠎ᠠ ᠶᠢᠨ | ᠡᠲᠡᠭᠡᠳ ᠲᠤ ᠳᠥᠷᠪᠡᠳᠦᠭᠡᠷ ᠤᠯᠠᠷᠢᠯ ᠤᠨ ᠴᠠᠬᠢᠯᠭᠠᠨ ᠤ ᠦᠨ᠎ᠡ ᠶᠢᠨ ᠨᠥᠬᠦᠪᠥᠷᠢ 0.13 ᠲᠦᠮᠡᠨ | ᠲᠥᠭᠦᠷᠢᠭ ᠣᠯᠭᠤᠵᠤ᠂ 108 ᠨᠡᠷᠡᠰ ᠪᠠᠲᠤᠯᠠᠭ᠎ᠠ ᠶᠢᠨ ᠡᠲᠡᠭᠡᠳ ᠲᠤ ᠨᠢᠭᠡ ᠯᠡ ᠤᠳᠠᠭ᠎ᠠ ᠶᠢᠨ | ᠴᠢᠨᠠᠷᠲᠠᠶ ᠠᠮᠢᠳᠤᠷᠠᠯ ᠤᠨ ᠨᠥᠬᠦᠪᠥᠷᠢ 0.54 ᠲᠦᠮᠡᠨ ᠲᠥᠭᠦᠷᠢᠭ ᠣᠯᠭᠤᠪᠠ᠃ ᠲᠠᠪᠤ᠂ | ᠬᠥᠳᠡᠯᠦᠩᠭᠦᠶ ᠬᠢᠨᠠᠯᠲᠠ ᠬᠠᠮᠢᠶᠠᠷᠤᠯᠲᠠ ᠰᠠᠨᠠᠭᠠᠴᠢᠯᠠᠭ᠎ᠠ ᠠᠴᠠ ᠪᠠᠨ ᠠᠪᠤᠷᠠᠨ ᠲᠤᠰᠠᠯᠠᠬᠤ ᠬᠡᠷᠡᠭᠲᠡᠶ᠃ | ︽ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠲᠠᠪᠴᠠᠩ᠂ ᠠᠮᠠᠷᠬᠠᠨ ᠶᠠᠳᠠᠭᠤᠷᠠᠬᠤ ᠳᠠᠬᠢᠨ ᠶᠠᠳᠠᠭᠤᠷᠠᠬᠤ ᠶᠢ ᠬᠢᠨᠠᠨ | ᠬᠡᠮᠵᠢᠬᠦ ᠲᠠᠪᠴᠠᠩ᠂ ᠰᠠᠭᠤᠭᠠᠯᠢ ᠠᠷᠠᠳ ᠤᠨ ᠬᠡᠷ ᠪᠦᠯᠢ ᠶᠢᠨ ᠠᠵᠤ ᠠᠬᠤᠶ ᠶᠢᠨ ᠪᠠᠶᠢᠳᠠᠯ ᠢ | ᠬᠠᠷᠭᠤᠭᠤᠯᠬᠤ ᠲᠠᠪᠴᠠᠩ ᠤᠨ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠷᠢᠭᠤ ᠲᠤᠰᠬᠠᠬᠤ | ᠠᠵᠢᠯ ᠤᠨ ᠲᠣᠭᠲᠠᠴᠠ︾ ︽3. 1︾ ᠣᠯᠠᠨ ᠲᠠᠯ᠎ᠠ ᠠᠴᠠ ᠪᠣᠰᠤᠭ᠎ᠠ ᠴᠣᠭᠴᠠ ᠪᠠᠷ ᠳᠠᠬᠢᠨ | ᠶᠠᠳᠠᠭᠤᠷᠠᠬᠤ ᠪᠠ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠵᠦ᠂ ᠬᠦᠴᠢᠷᠳᠡᠯᠲᠡᠶ | ᠣᠯᠠᠨ ᠲᠦᠮᠡᠨ ᠤ ᠰᠠᠭᠤᠷᠢ ᠲᠤᠭ᠎ᠠ ᠶᠢ ᠪᠥᠬᠦ ᠲᠠᠯ᠎ᠠ ᠪᠠᠷ ᠤᠶᠢᠯᠠᠭᠠᠨ᠂ ᠬᠦᠴᠢᠷᠳᠡᠯᠲᠡᠶ ᠣᠯᠠᠨ ᠲᠦᠮᠡᠨ ᠤ | ᠬᠥᠳᠡᠯᠦᠩᠭᠦᠶ ᠬᠢᠨᠠᠨ ᠬᠡᠮᠵᠢᠯᠲᠡ ᠶᠢᠨ ᠡᠬᠡ ᠲᠠᠩᠰᠠ ᠶᠢ ᠪᠠᠶᠢᠭᠤᠯᠵᠤ᠂ ᠬᠦᠴᠢᠷᠳᠡᠯ ᠤᠨ ᠬᠡᠮᠵᠢᠶ᠎ᠡ | ᠶᠣᠰᠣᠭᠠᠷ ᠬᠡᠷᠡᠭᠴᠡᠭᠡ ᠶᠣᠰᠣᠭᠠᠷ ᠲᠡᠳᠡᠨ ᠳᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠠᠪᠤᠷᠠᠨ ᠲᠤᠰᠠᠯᠠᠯᠲᠠ᠂ | ᠲᠦᠷ ᠴᠠᠭ ᠤᠨ ᠠᠪᠤᠷᠠᠨ ᠲᠤᠰᠠᠯᠠᠯᠲᠠ ᠵᠡᠷᠭᠡ ᠦᠢᠯᠡᠴᠢᠯᠡᠭᠡ ᠬᠠᠩᠭᠠᠨ᠎ᠠ᠃ 2024 ᠣᠨ ᠳᠤ ᠡᠯ᠎ᠡ ᠲᠥᠷᠥᠯ ᠤᠨ | ᠲᠤᠭ᠎ᠠ ᠪᠠᠷᠢᠮᠲᠠ ᠶᠢ ᠨᠡᠶᠢᠲᠡ 989 ᠬᠠᠷᠭᠤᠭᠤᠯᠵᠤ᠂ 6 ᠬᠥᠮᠦᠨ ᠢ ᠬᠥᠳᠡᠯᠦᠩᠭᠦᠶ ᠪᠠᠷ ᠲᠣᠬᠢᠷᠠᠭᠤᠯᠪᠠ᠃ | ᠬᠦᠨᠳᠦ ᠵᠡᠮᠳᠡᠭ᠂ ᠨᠠᠰᠤᠨ ᠳᠤ ᠬᠦᠷᠦᠭᠰᠡᠨ ᠠᠵᠢᠯ ᠦᠭᠡᠢ ᠬᠦᠨᠳᠦ ᠵᠡᠮᠳᠡᠭ ᠤᠨ ︽ᠭᠠᠭᠴᠠ ᠬᠦᠮᠦᠨ ᠤ | ᠳᠠᠭᠠᠳᠬᠠᠯ︾ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠠᠭᠠᠳᠯᠠᠨ ᠲᠣᠭᠲᠠᠭᠠᠬᠤ | ᠨᠥᠬᠦᠴᠡᠯ ᠢ ᠠᠭᠤᠵᠢᠭᠤ ᠲᠠᠯᠪᠢᠵᠤ᠂ ᠠᠪᠤᠷᠠᠨ ᠲᠤᠰᠠᠯᠠᠬᠤ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ ᠥᠷᠭᠡᠳᠬᠡᠨ᠂ | ᠠᠵᠢᠯ ᠦᠭᠡᠢ ᠬᠦᠨᠳᠦ ᠵᠡᠮᠳᠡᠭᠴᠦᠳ ᠵᠡᠷᠭᠡ ᠪᠠᠭᠤᠷᠠᠶᠢᠴᠤᠤᠯ ᠳᠤ ᠨᠡᠩ ᠣᠯᠠᠨ ᠬᠠᠷᠠᠭᠠᠯᠵᠠᠯ ᠦᠵᠡᠭᠦᠯᠦᠨ᠎ᠡ᠃ 2023 | ᠣᠨ ᠠᠴᠠ ᠨᠠᠰᠢ᠂ ᠪᠥᠬᠦ ᠬᠤᠰᠢᠭᠤᠨ ᠤ ᠠᠵᠢᠯ ᠥᠬᠡᠶ 183 ᠬᠦᠨᠳᠦ ᠵᠡᠮᠳᠡᠭᠴᠦᠳ ᠢ ᠤᠶᠢᠯᠠᠭᠠᠨ ᠪᠠᠶᠢᠴᠠᠭᠠᠵᠤ᠂ | 16 ᠬᠥᠮᠦᠨ ᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠰᠢᠨ᠎ᠡ ᠪᠠᠷ ᠣᠷᠣᠭᠤᠯᠪᠠ᠃ ︽ᠬᠠᠪᠰᠤᠷᠬᠤ | ᠶᠣᠰᠣᠲᠠᠢ ᠶᠢ ᠨᠢ ᠪᠦᠬᠦᠨ ᠢ ᠬᠠᠪᠰᠤᠷᠬᠤ᠂ ᠠᠪᠤᠷᠠᠪᠠᠰᠤ ᠵᠣᠬᠢᠬᠤ ᠶᠢ ᠨᠢ ᠪᠦᠬᠦᠨ ᠢ ᠠᠪᠤᠷᠠᠬᠤ᠂ | ᠲᠤᠰᠢᠶᠠᠪᠠᠰᠤ ᠵᠣᠬᠢᠬᠤ ᠶᠢ ᠨᠢ ᠪᠦᠬᠦᠨ ᠢ ᠲᠤᠰᠢᠶᠠᠬᠤ︾ ᠶᠢ ᠪᠡᠶᠡᠯᠡᠭᠦᠯᠦᠨ᠎ᠡ᠃ ᠵᠢᠷᠭᠤᠭ᠎ᠠ᠂ ᠲᠥᠷᠥ ᠶᠢᠨ ᠪᠣᠳᠣᠯᠭ᠎ᠠ ᠶᠢ | ᠣᠨᠣᠪᠴᠢᠲᠠᠶ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ | ᠬᠤᠤᠰ ᠴᠢᠭᠯᠡᠯ ᠢᠶᠠᠷ ᠬᠦᠴᠦᠯᠡᠵᠦ᠂ ᠠᠷᠠᠳ ᠤᠨ ᠶᠠᠪᠤᠳᠠᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠦᠷᠭᠦᠯᠵᠢᠯᠡᠨ ᠥᠷᠨᠢᠭᠦᠯᠪᠡ᠃ ︽ᠰᠦᠯᠵᠢᠶᠡᠨ | ᠳᠡᠭᠡᠷ᠎ᠡ︾ ᠭᠠᠷ ᠤᠲᠠᠰᠤᠨ ᠤ ᠨᠡᠶᠢᠲᠡ ᠶᠢᠨ ᠠᠰᠠᠷᠠᠮᠵᠢ ᠶᠢᠨ ᠣᠬᠤᠷ ᠮᠡᠳᠡᠭᠡ᠂ ᠠᠩᠬᠠᠨ ᠤ | ᠡᠭᠦᠳᠦᠯᠲᠡ ᠶᠢᠨ ᠵᠠᠷᠯᠠᠯ ᠂ ᠣᠯᠠᠨ ᠨᠡᠶᠢᠲᠡ ᠶᠢᠨ ᠳ᠋ᠤᠭᠠᠷ᠂ ᠸᠢᠳᠢᠣ᠋ ᠳ᠋ᠤᠭᠠᠷ ᠵᠡᠷᠭᠡ | ᠬᠡᠯᠪᠡᠷᠢ ᠪᠠᠷ ᠳᠠᠮᠵᠢᠭᠤᠯᠤᠨ ᠥᠷᠭᠡᠨ ᠣᠯᠠᠨ ᠲᠦᠮᠡᠨ ᠳᠤ ᠨᠡᠶᠢᠭᠡᠮ ᠤᠨ ᠠᠪᠤᠷᠠᠨ | ᠲᠤᠰᠠᠯᠠᠬᠤ ᠳᠤ ᠬᠢᠨᠠᠯᠲᠠ ᠲᠠᠯᠪᠢᠬᠤ ᠤᠲᠠᠰᠤ ᠶᠢ ᠢᠯᠡ ᠨᠡᠶᠢᠲᠡᠯᠡᠵᠦ᠂ ᠵᠢᠷᠤᠭ ᠪᠢᠴᠢᠭ ᠢ | ᠤᠶᠠᠯᠳᠤᠭᠤᠯᠬᠤ ᠵᠡᠷᠭᠡ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠶ ᠠᠷᠭ᠎ᠠ | ᠮᠠᠶ᠋ᠢᠭ ᠢᠶᠠᠷ ᠠᠪᠤᠷᠠᠨ ᠲᠤᠰᠠᠯᠠᠬᠤ ᠶᠢ ᠭᠤᠶᠤᠴᠢᠯᠠᠬᠤ ᠨᠥᠬᠦᠴᠡᠯ᠂ ᠭᠦᠶᠴᠡᠳᠬᠡᠬᠦ ᠲᠠᠰ | ᠳᠠᠷᠠᠭᠠᠯᠠᠯ ᠵᠡᠷᠭᠡ ᠮᠡᠳᠡᠯᠭᠡ ᠶᠢ ᠲᠦᠭᠡᠮᠡᠯᠵᠢᠭᠦᠯᠪᠡ᠃ ᠬᠤᠲᠠ ᠬᠥᠳᠡᠭᠡ ᠶᠢᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ᠂ ᠬᠤᠲᠠ ᠬᠥᠳᠡᠭᠡ ᠶᠢᠨ ᠣᠨᠴᠠ ᠬᠦᠴᠢᠷᠳᠡᠯ᠂ ᠲᠦᠷ ᠴᠠᠭ ᠤᠨ ᠠᠪᠤᠷᠠᠨ | ᠲᠤᠰᠠᠯᠠᠯᠲᠠ ᠵᠡᠷᠭᠡ ᠨᠡᠶᠢᠭᠡᠮ ᠤᠨ ᠠᠪᠤᠷᠠᠨ ᠲᠤᠰᠠᠯᠠᠯᠲᠠ ᠶᠢᠨ ᠪᠠᠶᠢᠳᠠᠯ ᠢ ᠲᠣᠭᠲᠠᠮᠠᠯ | ᠬᠤᠭᠤᠴᠠᠭ᠎ᠠ ᠲᠠᠢ ᠪᠠᠷ ᠢᠯᠡ ᠨᠡᠶᠢᠲᠡᠯᠡᠵᠦ᠂ ᠣᠯᠠᠨ ᠲᠦᠮᠡᠨ ᠢ ᠬᠥᠲᠥᠯᠦᠨ | ᠵᠢᠯᠣᠭᠤᠳᠴᠤ ᠪᠠᠶᠢᠭᠠᠳ ᠨᠡᠶᠢᠭᠡᠮ ᠤᠨ ᠠᠪᠤᠷᠠᠨ ᠲᠤᠰᠠᠯᠠᠬᠤ ᠠᠵᠢᠯ ᠢ ᠠᠩᠬᠠᠷᠴᠤ᠂ ᠣᠷᠣᠯᠴᠠᠭᠤᠯᠵᠤ᠂ | ᠳᠡᠮᠵᠢᠭᠦᠯᠬᠦ ᠬᠡᠷᠡᠭᠲᠡᠢ᠃ ︽ᠰᠦᠯᠵᠢᠶᠡᠨ ᠭᠠᠳᠠᠨ᠎ᠠ︾ ᠨᠢ ᠬᠤᠷᠠᠯ ᠢᠶᠠᠷ ᠪᠣᠯᠪᠠᠰᠤᠷᠠᠯ ᠢ ᠣᠷᠣᠯᠠᠭᠤᠯᠬᠤ᠂ ᠡᠷᠦᠬᠡ ᠳᠤ | ᠬᠦᠷᠴᠦ ᠰᠤᠷᠪᠤᠯᠵᠢᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠷᠠᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢᠨ ︽ᠨᠢᠭᠡ ᠲᠠᠩᠰᠠ︾᠂ ︽ᠪᠦᠬᠦᠨ ᠳᠤ ᠳᠣᠭᠢᠷᠠᠬᠤ ᠺᠠᠷᠲ︾ ᠢ | ᠤᠬᠠᠭᠤᠯᠤᠨ ᠲᠠᠶᠢᠯᠪᠤᠷᠢᠯᠠᠵᠤ᠂ ︽ᠨᠢᠭᠡ ᠺᠠᠷᠲ ᠢᠶᠠᠷ ᠨᠡᠪᠲᠡᠷᠡᠬᠦ︾ ᠶᠢ ᠲᠣᠳᠣᠷᠬᠠᠶ ᠶᠠᠷᠢᠵᠤ᠂ ᠡᠯ᠎ᠡ | ᠵᠦᠢᠯ ᠤᠨ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠣᠯᠠᠨ ᠲᠦᠮᠡᠨ ᠳᠤ ᠦᠨᠡᠨ ᠬᠦ ᠰᠠᠶᠢᠨ ᠶᠠᠪᠤᠳᠠᠯ᠂ ᠬᠦᠴᠢᠷ ᠶᠠᠪᠤᠳᠠᠯ ᠢ ᠰᠢᠢᠳᠪᠦᠷᠢᠯᠡᠵᠦ᠂ ᠠᠷᠠᠳ ᠣᠯᠠᠨ ᠢ ᠲᠥᠷᠥ ᠶᠢᠨ | ᠪᠣᠳᠣᠯᠭ᠎ᠠ ᠶᠢᠨ ︽ᠮᠡᠷᠭᠡᠨ ᠬᠥᠮᠦᠨ︾ ᠪᠣᠯᠭᠠᠪᠠ᠃ | |