ᠡᠵᠡᠨ᠎ᠡ ᠬᠤᠰᠢᠭᠤᠨ ᠤ ᠮᠠᠰᠢᠨᠲᠤ ᠪᠤᠰᠤ ᠲᠡᠷᠭᠡᠨ ᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠮᠡᠳᠡᠭᠳᠡᠯ
ᠨᠡᠶᠢᠲᠡᠯᠡᠭᠰᠡᠨ ᠴᠠᠭ᠄
2024/4/7
    ᠡᠵᠡᠨ᠎ᠡ ᠬᠤᠰᠢᠭᠤᠨ ᠤ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠬᠠᠮᠠᠭᠠᠯᠠᠬᠤ ᠶᠢᠨ ᠲᠥᠯᠥᠭᠡ᠂ ᠡᠵᠡᠨ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠨᠢ 2024 ᠣᠨ ᠤ 4 ᠰᠠᠷ᠎ᠠ ᠶᠢᠨ 1᠎ ᠤ ᠡᠳᠦᠷ ᠠᠴᠠ ᠡᠬᠢᠯᠡᠨ ᠬᠠᠷᠢᠶᠠᠲᠤ ᠣᠷᠣᠨ ᠤ ᠪᠠᠨ ᠬᠡᠪᠴᠢᠶᠡᠨ ᠳᠤ ᠮᠠᠰᠢᠨᠲᠤ ᠪᠤᠰᠤ ᠲᠡᠷᠭᠡᠨ ᠤ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠪᠠᠷ ᠲᠣᠭᠲᠠᠪᠠ᠃ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄     ᠨᠢᠭᠡ᠂ ᠴᠡᠭᠴᠡᠯᠡᠨ ᠵᠠᠰᠠᠬᠤ ᠠᠭᠤᠯᠭ᠎ᠠ     ᠮᠠᠰᠢᠨᠲᠤ ᠪᠤᠰᠤ ᠲᠡᠷᠭᠡ ᠤᠨᠤᠭ᠎ᠠ ᠬᠡᠷᠡᠭᠯᠡᠵᠦ ᠬᠥᠮᠦᠰ ᠠᠮᠤᠷ ᠲᠦᠪᠰᠢᠨ ᠤ ᠳᠤᠭᠤᠯᠠᠭ᠎ᠠ ᠪᠠᠨ ᠳᠦᠷᠢᠮᠵᠢᠭᠦᠨ ᠵᠡᠭᠦᠭᠰᠡᠨ ᠥᠬᠡᠶ᠂ ᠲᠣᠭᠲᠠᠭᠰᠠᠨ ᠵᠠᠮ ᠢᠶᠠᠷ ᠶᠠᠪᠤᠬᠤ ᠦᠭᠡᠢ᠂ ᠳᠤᠬᠢᠶᠠᠨ ᠳ᠋ᠧᠩ ᠤᠨ ᠳᠦᠷᠢᠮ ᠢ ᠵᠢᠷᠤᠮᠯᠠᠬᠤ       ᠦᠭᠡᠢ᠂ ᠰᠥᠷᠭᠡᠦ ᠴᠢᠭᠯᠡᠯ ᠢᠶᠠᠷ ᠶᠠᠪᠤᠬᠤ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠡᠭᠴᠡᠯᠡᠨ ᠵᠠᠰᠠᠨ᠎ᠡ᠃    ᠬᠤᠶᠠᠷ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ     ᠡᠵᠡᠨ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠨᠢ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾᠎ ᠶᠢᠨ ᠨᠠᠶᠠ ᠶᠢᠰᠦᠳᠦᠭᠡᠷ ᠵᠣᠷᠪᠤᠰ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ﹀᠎ ᠶᠢ ᠬᠡᠷᠡᠭᠵᠢᠭᠦᠯᠬᠦ ᠠᠷᠭ᠎ᠠ︾᠎ ᠶᠢᠨ ᠲᠠᠪᠢᠨ ᠵᠢᠷᠭᠤᠳᠤᠭᠠᠷ ᠵᠣᠷᠪᠤᠰ ᠢ ᠦᠨᠳᠦᠰᠦᠯᠡᠨ᠂ ᠮᠠᠰᠢᠨᠲᠤ ᠪᠤᠰᠤ ᠲᠡᠷᠭᠡ ᠤᠨᠤᠭ᠎ᠠ ᠭᠡᠷᠡᠭᠯᠡᠵᠦ ᠪᠠᠶᠢᠭ᠎ᠠ ᠬᠦᠮᠦᠰ ᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠰᠡᠷᠡᠮᠵᠢᠯᠡᠭᠦᠯᠬᠦ ᠪᠤᠶᠤ ᠲᠠᠪᠤ ᠠᠴᠠ ᠳᠡᠭᠡᠭᠰᠢ ᠲᠠᠪᠢ ᠳᠣᠭᠤᠭᠰᠢ ᠠᠷᠠᠳ ᠤᠨ ᠲᠥᠭᠦᠷᠢᠭ ᠢᠶᠠᠷ ᠲᠣᠷᠭᠠᠵᠤ᠂ ᠲᠣᠷᠭᠠᠭᠤᠯᠢ ᠶᠢ ᠬᠦᠯᠢᠶᠡᠬᠦ ᠥᠬᠡᠶ ᠪᠠᠶᠢᠪᠠᠯ᠂ ᠮᠠᠰᠢᠨᠲᠤ ᠪᠤᠰᠤ ᠲᠡᠷᠭᠡ ᠶᠢ ᠨᠢ ᠬᠠᠤᠯᠢ ᠶᠣᠰᠣᠭᠠᠷ ᠦᠯᠡᠳᠡᠭᠡᠨ ᠠᠪᠤᠨ᠎ᠠ᠃    ᠭᠤᠷᠪᠠ᠂ ᠠᠵᠢᠯ ᠤᠨ ᠱᠠᠭᠠᠷᠳᠠᠯᠭ᠎ᠠ    ᠡᠵᠡᠨ᠎ᠡ ᠬᠤᠰᠢᠭᠤᠨ ᠤ ᠡᠯ᠎ᠡ ᠵᠠᠰᠠᠭ ᠵᠠᠬᠢᠷᠭᠠᠨ ᠤ ᠪᠠᠶᠢᠭᠤᠯᠤᠯᠭ᠎ᠠ᠂ ᠠᠵᠤ ᠠᠬᠤᠶᠢᠯᠠᠯ᠂ ᠨᠡᠶᠢᠭᠡᠮ ᠤᠨ ᠪᠦᠯᠬᠦᠮ ᠵᠡᠷᠭᠡ ᠨᠢᠭᠡᠴᠡ ᠨᠦᠭᠦᠳ ᠵᠢᠱᠢᠶ᠎ᠡ ᠦᠵᠡᠭᠦᠯᠬᠦ  ᠦᠢᠯᠡᠳᠦᠯ ᠢᠶᠠᠨ ᠪᠠᠳᠠᠷᠠᠭᠤᠯᠵᠤ᠂ ᠠᠵᠢᠯᠲᠠᠳ ᠲᠤ ᠪᠠᠨ ᠮᠠᠰᠢᠨᠲᠤ ᠪᠤᠰᠤ ᠲᠡᠷᠭᠡ ᠬᠡᠷᠡᠭᠯᠡᠬᠦ ᠳᠡᠭᠡᠨ ᠤᠬᠠᠮᠰᠠᠷ ᠠᠴᠠ ᠪᠠᠨ ᠠᠮᠤᠷ ᠲᠦᠪᠰᠢᠨ ᠤ ᠳᠤᠭᠤᠯᠠᠭ᠎ᠠ ᠵᠡᠭᠦᠬᠦ᠂ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠵᠢᠷᠤᠮᠯᠠᠬᠤ᠂ ᠪᠣᠯᠪᠠᠰᠤᠨ ᠢᠶᠠᠷ ᠵᠠᠮ ᠶᠠᠪᠤᠬᠤ ᠲᠣᠬᠠᠢ ᠤᠬᠠᠭᠤᠯᠤᠨ ᠬᠥᠮᠥᠵᠢᠭᠦᠯᠬᠦ ᠢ ᠴᠢᠩᠭᠠᠳᠬᠠᠬᠤ ᠬᠡᠷᠡᠭᠲᠡᠶ᠃     ᠥᠷᠭᠡᠨ ᠤᠯᠠᠨ ᠢᠶᠠᠷ ᠢᠶᠠᠨ ᠵᠠᠮ ᠬᠠᠷᠢᠯᠴᠠᠭᠠᠨ ᠤ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠠᠮᠤᠷ ᠲᠦᠪᠰᠢᠨ᠂ ᠰᠠᠭᠠᠳ ᠦᠭᠡᠢ ᠪᠥᠭᠡᠳ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠨᠥᠬᠦᠴᠡᠯ ᠢ ᠢᠳᠡᠪᠬᠢᠲᠡᠶ ᠪᠠᠷ ᠬᠠᠮᠠᠭᠠᠯᠠᠶ᠎ᠠ᠃           ᠡᠵᠡᠨ᠎ᠡ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ                                                                             2024 ᠣᠨ ᠤ 3 ᠰᠠᠷ᠎ᠠ ᠶᠢᠨ 28᠎ ᠤ ᠡᠳᠦᠷ
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号