ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠡᠴᠡ ᠨᠠᠰᠢ ᠂ | ᠰᠤᠮᠤᠨ ᠤ ᠬᠢᠨ ᠳᠡᠭᠡᠳᠦ ᠬᠡᠮᠵᠢᠶ᠎ᠡ ᠪᠡᠷ ᠴᠢᠬᠤᠯᠠᠴᠢᠯᠠᠨ ᠦᠵᠡᠵᠦ ᠂ ᠨᠠᠷᠢᠨ ᠨᠢᠮᠪᠠᠶ | ᠵᠣᠬᠢᠶᠠᠨ ᠪᠠᠶᠢᠭᠤᠯᠵᠤ ᠂ ᠰᠢ ᠶᠢᠨ ᠫᠢᠩ ᠶᠡᠷᠦᠩᠬᠡᠶ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ ᠂ ᠦᠵᠡᠯ ᠰᠠᠨᠠᠭ᠎ᠠ ᠪᠠ | ᠦᠢᠯᠡ ᠠᠵᠢᠯᠯᠠᠭ᠎ᠠ ᠪᠠᠨ ᠨᠠᠮ ᠤᠨ ᠲᠥᠪ ᠬᠣᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ | ᠦᠨᠡᠨ ᠬᠦ ᠨᠢᠭᠡᠳᠬᠡᠵᠦ᠂ ᠨᠣᠮ ᠤᠩᠰᠢᠬᠤ ᠠᠩᠬᠢ ᠡᠷᠬᠢᠯᠡᠬᠦ᠂ ᠲᠥᠪᠯᠡᠷᠡᠭᠦᠯᠦᠨ ᠰᠤᠷᠤᠯᠴᠠᠬᠤ᠂ ᠭᠤᠷᠪᠠᠨ ᠬᠤᠷᠠᠯ | ᠨᠢᠭᠡ ᠬᠢᠴᠢᠶᠡᠯ ᠡᠷᠬᠢᠯᠡᠬᠦ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠵᠤ᠂ ᠲᠠᠪᠤᠨ ᠠᠯᠬᠤᠮ ᠤᠨ ᠰᠤᠷᠤᠯᠴᠠᠬᠤ ᠠᠷᠭ᠎ᠠ ᠪᠠᠷ | ᠤᠤᠷ ᠴᠢᠨᠠᠷ ᠢᠶᠠᠨ ᠳᠠᠪᠲᠠᠨ ᠪᠣᠯᠪᠠᠰᠤᠷᠠᠭᠤᠯᠵᠤ᠂ ᠲᠥᠪ ᠰᠤᠷᠲᠠᠯ ᠢ ᠪᠠᠲᠤᠳᠬᠠᠨ ᠪᠣᠯᠪᠠᠰᠤᠷᠠᠭᠤᠯᠵᠤ᠂ ᠨᠠᠮ ᠤᠨ | ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ᠃ | | ᠨᠢᠭᠡᠳᠦᠭᠡᠷ ᠠᠯᠬᠤᠮ ᠄ ︽ ᠰᠣᠨᠣᠰᠤᠨ᠎ᠠ ︾ ︱ ᠨᠠᠮ ᠤᠨ ᠬᠣᠷᠢᠶᠠᠨ ᠤ ᠱᠦᠵᠢ ᠨᠠᠮ ᠤᠨ ᠬᠢᠴᠢᠶᠡᠯ ᠣᠷᠣᠨ᠎ᠠ | ᠰᠤᠮᠤᠨ ᠤ ᠨᠠᠮ ᠤᠨ ᠬᠣᠷᠢᠶᠠᠨ ᠤ ᠱᠦᠵᠢ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠶᠢᠨ ᠲᠤᠰᠬᠠᠶ | ᠰᠡᠳᠦᠪᠲᠦ ᠨᠠᠮ ᠤᠨ ᠬᠢᠴᠢᠶᠡᠯ ᠢ ᠵᠣᠬᠢᠶᠠᠨ ᠪᠠᠶᠢᠭᠤᠯᠤᠨ ᠥᠷᠨᠢᠭᠦᠯᠪᠡ ᠃ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠶᠢᠨ ᠴᠢᠬᠤᠯᠠ ᠴᠢᠨᠠᠷ ᠠᠴᠠ ᠡᠬᠢᠯᠡᠨ᠂ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠢ ᠭᠦᠨᠵᠡᠭᠡᠢ ᠲᠠᠶᠢᠯᠪᠤᠷᠢᠯᠠᠵᠤ᠂ | ᠨᠠᠮ ᠤᠨ ᠭᠡᠰᠢᠭᠦᠨ ᠢ ᠬᠦᠳᠦᠯᠦᠨ ᠵᠢᠯᠣᠭᠣᠳᠴᠤ ᠪᠠᠶᠢᠭᠠᠳ ᠡᠳᠦᠷ ᠲᠤᠳᠤᠮ ᠤᠨ ᠠᠵᠢᠯ ᠠᠮᠢᠳᠤᠷᠠᠯ | ᠳᠤᠮᠳᠠ ᠪᠠᠨ ᠰᠤᠷᠤᠯᠭ᠎ᠠ ᠶᠢᠨ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠮᠡᠳᠡᠬᠦ᠂ | ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠭᠦᠯᠵᠦ᠂ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠨᠢ ᠶᠠᠭᠤ ᠪᠣᠯᠬᠤ ᠶᠢ | ᠲᠣᠳᠣᠷᠬᠠᠢ ᠣᠶᠢᠯᠠᠭᠠᠵᠤ᠂ ᠶᠠᠭᠤ ᠬᠢᠵᠦ ᠪᠣᠯᠬᠤ᠂ ᠶᠠᠭᠤ ᠬᠢᠵᠦ ᠦᠯᠦ ᠪᠣᠯᠬᠤ ᠶᠢ ᠲᠣᠳᠣᠷᠬᠠᠢ ᠣᠶᠢᠯᠠᠭᠠᠵᠤ᠂ | ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠰᠡᠳᠬᠢᠯ ᠳᠡᠭᠡᠨ ᠬᠠᠳᠠᠩᠰᠢᠭᠤᠯᠵᠤ᠂ ᠦᠭᠡ ᠶᠠᠷᠢᠶ᠎ᠠ | ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠪᠠ᠃ ᠡᠭᠦᠨ ᠦ ᠬᠠᠮᠲᠤ ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠣᠷᠢᠶᠠᠨ ᠤ ᠴᠢᠬᠤᠯᠠ ᠶᠡᠬᠡ | ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠂ ᠲᠣᠰ | ᠨᠢᠭᠡᠴᠡ ᠶᠢᠨ ᠢᠶᠡᠨ ᠭᠣᠸᠯᠳᠠᠯᠭ᠎ᠠ ᠲᠠᠶ ᠠᠵᠢᠯ ᠢ ᠪᠡᠶᠡᠯᠡᠭᠦᠯᠬᠦ ᠲᠡᠶ ᠨᠢᠭᠲᠠ | ᠤᠶᠠᠯᠳᠤᠭᠤᠯᠵᠤ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠦᠨ ᠠᠷᠭ᠎ᠠ | ᠬᠡᠮᠵᠢᠶ᠎ᠡ ᠨᠢᠭᠡᠪᠦᠷᠢ ᠶᠢ ᠴᠥᠮ ᠰᠤᠮᠤᠨ ᠤ ᠠᠵᠢᠯ ᠢ ᠠᠬᠢᠭᠤᠯᠬᠤ ᠪᠦᠲᠦᠮᠵᠢᠲᠡᠶ ᠠᠷᠭ᠎ᠠ | ᠬᠡᠮᠵᠢᠶ᠎ᠡ ᠪᠣᠯᠭᠠᠪᠠ᠃ | ᠬᠣᠶᠠᠳᠤᠭᠠᠷ ᠠᠯᠬᠤᠮ ᠄ ︽ ᠬᠡᠯᠡᠬᠦ ︾ ︱ ᠲᠤᠰᠬᠠᠶ ᠰᠡᠳᠦᠪ ᠢᠶᠡᠷ ᠰᠣᠯᠢᠯᠴᠠᠵᠤ ᠰᠤᠳᠤᠯᠤᠨ ᠶᠠᠷᠢᠯᠴᠠᠨ᠎ᠠ | ᠨᠠᠮ ᠤᠨ ᠰᠠᠬᠢᠯᠭ᠎ᠠ ᠪᠠᠲᠤ ᠶᠢᠨ ᠲᠤᠰᠬᠠᠶ ᠰᠡᠳᠦᠪᠲᠦ ᠰᠣᠯᠢᠯᠴᠠᠭ᠎ᠠ ᠪᠠ ᠰᠤᠳᠤᠯᠤᠨ ᠶᠠᠷᠢᠯᠴᠠᠬᠤ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠪᠡ᠃ ᠰᠤᠳᠤᠯᠤᠨ ᠶᠠᠷᠢᠯᠴᠠᠬᠤ ᠬᠤᠷᠠᠯ ᠠᠴᠠ ᠨᠠᠮ ᠤᠨ ᠭᠡᠰᠢᠭᠦᠨ ᠨᠢᠭᠡᠪᠦᠷᠢ ᠶᠢ ᠨᠠᠮ ᠤᠨ ᠰᠠᠬᠢᠯᠭ᠎ᠠ | ᠪᠠᠲᠤ ᠶᠢᠨ ᠲᠦᠷᠢᠮ ᠵᠢᠴᠢ ᠬᠣᠯᠪᠣᠭᠳᠠᠯ ᠪᠦᠬᠦᠢ ᠮᠠᠲ᠋ᠧᠷᠢᠶᠠᠯ ᠢ ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠥᠪᠡᠷ ᠦᠨ | ᠠᠵᠢᠯ ᠤᠨ ᠪᠣᠳᠠᠲᠤ ᠪᠠᠶᠢᠳᠠᠯ ᠪᠠ ᠲᠤᠷᠰᠢᠯᠭ᠎ᠠ ᠲᠠᠶ ᠪᠠᠨ ᠤᠶᠠᠯᠳᠤᠭᠤᠯᠵᠤ᠂ ᠨᠠᠮ ᠤᠨ ᠰᠠᠬᠢᠯᠭ᠎ᠠ | ᠪᠠᠲᠤ ᠶᠢᠨ ᠲᠦᠷᠢᠮ ᠢ ᠬᠡᠷᠬᠢᠨ ᠨᠡᠩ ᠰᠠᠶᠢᠲᠤᠷ ᠬᠡᠷᠡᠭᠵᠢᠭᠦᠯᠬᠦ ᠲᠤᠬᠠᠢ ᠶᠠᠷᠢᠶ᠎ᠠ ᠲᠠᠯᠪᠢᠬᠤ ᠪᠠ | ᠬᠤᠪᠢᠶᠠᠨ ᠡᠳ᠋ᠯᠡᠬᠦ ᠬᠡᠷᠡᠭᠲᠡᠢ ᠭᠡᠵᠦ ᠱᠠᠭᠠᠷᠳᠠᠪᠠ᠃ ᠡᠨᠡ ᠬᠦ ᠶᠠᠪᠤᠴᠠ ᠳᠤ᠂ ᠨᠠᠮ ᠤᠨ ᠭᠡᠰᠢᠭᠦᠳ ᠦᠵᠡᠯ | ᠰᠠᠨᠠᠭ᠎ᠠ ᠪᠠᠨ ᠰᠣᠯᠢᠯᠴᠠᠵᠤ᠂ ᠦᠵᠡᠯᠲᠡ ᠪᠡᠨ ᠮᠥᠷᠭᠥᠯᠳᠦᠵᠦ᠂ ᠬᠢᠮᠢ ᠶᠢᠨ ᠬᠡᠷᠡᠭᠯᠡᠭᠡᠨ ᠦ | ᠬᠤᠪᠢᠷᠠᠭᠤᠯᠤᠯᠲᠠ ᠶᠢ ᠪᠦᠲᠦᠮᠵᠢᠲᠡᠢ ᠴᠢᠩᠭᠠᠳᠬᠠᠵᠤ᠂ ᠰᠠᠬᠢᠯᠭ᠎ᠠ ᠪᠠᠲᠤ ᠶᠢᠨ | ︽ᠥᠨᠳᠥᠷ ᠬᠦᠴᠦᠳᠡᠯᠲᠦ ᠤᠲᠠᠰᠤ︾ ᠳᠤ ᠬᠠᠯᠳᠠᠬᠤ ᠦᠭᠡᠢ ᠪᠣᠯᠬᠤ ︽ᠪᠣᠯᠵᠣᠯ ᠲᠤᠰᠬᠠᠯ︾ ᠢ ᠪᠦᠷᠢᠯᠳᠦᠭᠦᠯᠵᠡᠢ᠃ | ᠡᠭᠦᠨ ᠦ ᠬᠠᠮᠲᠤ ᠪᠠᠰᠠ ᠥᠪᠡᠷ ᠦᠨ ᠪᠡᠶ᠎ᠡ ᠳᠡᠭᠡᠨ ᠠᠰᠠᠭᠤᠳᠠᠯ ᠣᠷᠣᠰᠢᠵᠤ ᠪᠠᠶᠢᠬᠤ ᠡᠰᠡᠬᠦ ᠶᠢ ᠪᠠᠶᠢᠴᠠᠭᠠᠨ ᠦᠵᠡᠵᠦ ᠪᠣᠯᠤᠨ᠎ᠠ᠂ | ᠡᠨᠡ ᠨᠢ ᠨᠠᠮ ᠤᠨ ᠭᠡᠰᠢᠭᠦᠨ ᠺᠠᠳ᠋ᠷᠴᠤᠳ ᠤᠨ ᠥᠪᠡᠷ ᠦᠨ ᠤᠬᠠᠮᠰᠠᠷ ᠢ ᠳᠡᠭᠡᠭᠰᠢᠯᠡᠭᠦᠯᠬᠦ ᠳᠦ ᠬᠠᠪᠰᠤᠷᠤᠮᠵᠢ ᠪᠣᠯᠬᠤ ᠪᠠᠷ | ᠪᠠᠷᠠᠬᠤ ᠦᠭᠡᠢ ᠪᠠᠰᠠ ᠨᠠᠮ ᠤᠨ ᠭᠡᠰᠢᠭᠦᠨ ᠺᠠᠳ᠋ᠷᠴᠤᠳ ᠢ ᠬᠠᠮᠲᠤ ᠪᠠᠷ ᠡᠳ᠋ᠯᠡᠬᠦ ᠳᠤᠮᠳᠠ ᠬᠠᠷᠢᠯᠴᠠᠨ ᠰᠤᠷᠤᠯᠴᠠᠭᠤᠯᠵᠤ᠂ | ᠬᠠᠮᠲᠤ ᠪᠠᠷ ᠳᠡᠭᠡᠭᠰᠢᠯᠡᠭᠦᠯᠵᠦ ᠴᠢᠳᠠᠨ᠎ᠠ᠃ | ᠭᠤᠷᠪᠠᠳᠤᠭᠠᠷ ᠠᠯᠬᠤᠮ ᠄ ︽ ᠤᠩᠰᠢᠬᠤ ︾ ︱ ᠰᠤᠮᠤᠨ ᠤ ᠤᠳᠤᠷᠢᠳᠤᠯᠭ᠎ᠠ ᠳᠠᠭᠠᠭᠤᠯᠤᠨ ᠰᠣᠷᠣᠯᠴᠠᠬᠤ | ᠰᠤᠮᠤᠨ ᠤ ᠭᠣᠣᠯ ᠤᠳᠤᠷᠢᠳᠤᠯᠭ᠎ᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ | ᠰᠢᠳᠬᠡᠯ ᠥᠭᠬᠦ ᠲᠦᠷᠢᠮ︾ ᠢ ᠪᠦᠯᠦᠭ ᠳᠠᠷᠠᠭᠠᠯᠠᠨ ᠳᠠᠭᠠᠭᠤᠯᠤᠨ ᠤᠩᠰᠢᠵᠤ᠂ ᠪᠠᠰᠠ ᠠᠵᠢᠯ ᠤᠨ | ᠵᠢᠱᠢᠢ᠎ᠡ ᠲᠡᠶ ᠪᠡᠨ ᠤᠶᠠᠯᠳᠤᠭᠤᠯᠵᠤ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ᠂ | ᠵᠣᠬᠢᠶᠠᠨ ᠪᠠᠶᠢᠭᠤᠯᠤᠯᠲᠠ ᠶᠢᠨ ᠰᠠᠬᠢᠯᠭ᠎ᠠ ᠪᠠᠲᠤ᠂ ᠠᠷᠢᠭᠤᠨ ᠴᠢᠬᠡᠴᠢ ᠶᠢᠨ ᠰᠠᠬᠢᠯᠭ᠎ᠠ ᠪᠠᠲᠤ᠂ ᠤᠯᠠᠨ ᠲᠦᠮᠡᠨ ᠦ | ᠰᠠᠬᠢᠯᠭ᠎ᠠ ᠪᠠᠲᠤ᠂ ᠠᠵᠢᠯ ᠤᠨ ᠰᠠᠬᠢᠯᠭ᠎ᠠ ᠪᠠᠲᠤ᠂ ᠠᠮᠢᠳᠤᠷᠠᠯ ᠤᠨ ᠰᠠᠬᠢᠯᠭ᠎ᠠ ᠪᠠᠲᠤ ᠵᠡᠷᠭᠡ ᠲᠠᠯ᠎ᠠ ᠪᠠᠷ | ᠥᠷᠭᠡᠨ ᠤᠯᠠᠨ ᠨᠠᠮ ᠤᠨ ᠭᠡᠰᠢᠭᠦᠨ ᠢ ᠲᠤᠰᠬᠠᠢ ᠰᠡᠳᠦᠪ ᠢᠶᠡᠷ ᠬᠠᠪᠰᠤᠷᠤᠨ ᠵᠢᠯᠣᠭᠣᠳᠴᠤ᠂ ᠨᠠᠮ ᠤᠨ ᠭᠡᠰᠢᠭᠦᠨ | ᠺᠠᠳ᠋ᠷᠴᠤᠳ ᠢ ᠬᠦᠲᠦᠯᠦᠨ ᠵᠢᠯᠣᠭᠣᠳᠴᠤ ᠪᠠᠶᠢᠭᠠᠳ ︽ᠲᠦᠷᠢᠮ︾ ᠤᠨ ᠪᠠᠶᠠᠯᠢᠭ | ᠠᠭᠤᠯᠭ᠎ᠠ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠵᠥᠪ ᠣᠨᠣᠪᠴᠢᠲᠠᠢ ᠪᠦᠬᠦ ᠲᠠᠯ᠎ᠠ ᠪᠠᠷ ᠡᠵᠡᠮᠰᠢᠭᠦᠯᠵᠡᠢ᠃ | ᠳᠠᠭᠠᠭᠤᠯᠤᠨ ᠰᠣᠷᠣᠯᠴᠠᠬᠤ ᠪᠠᠷ ᠳᠠᠮᠵᠢᠭᠤᠯᠤᠨ ᠂ ︽ ᠲᠦᠷᠢᠮ ︾ ᠢ ᠲᠠᠷᠢᠬᠢ ᠲᠣᠯᠣᠭᠠᠶ ᠳᠤᠨᠢ ᠬᠠᠳᠠᠩᠰᠢᠭᠤᠯᠵᠤ ᠂ | ︽ ᠲᠦᠷᠢᠮ ︾ ᠢ ᠤᠶᠢᠯᠠᠭᠠᠨ ᠬᠡᠷᠡᠭᠯᠡᠬᠦ ᠶᠢ ᠭᠦᠨᠵᠡᠭᠡᠶᠢᠷᠡᠭᠦᠯᠬᠦ ᠶᠢᠨ ᠬᠠᠮᠲᠤ ᠂ ᠪᠣᠳᠠᠲᠠᠶ ᠠᠵᠢᠯ ᠤᠨ ᠳᠤᠮᠳᠠ ᠪᠠᠨ | ᠡᠭᠦᠨ ᠢᠶᠡᠷ ᠪᠠᠷᠢᠮᠵᠢᠶ᠎ᠠ ᠪᠣᠯᠭᠠᠨ ᠥᠪᠡᠷ ᠢ ᠪᠡᠨ ᠴᠢᠩᠭ᠎ᠠ ᠱᠠᠭᠠᠷᠳᠠᠪᠠ᠃ | ᠳᠥᠷᠪᠡᠳᠦᠭᠡᠷ ᠠᠯᠬᠤᠮ ᠄ ︽ᠦᠵᠡᠬᠦ︾ ︱ ᠰᠡᠷᠡᠮᠵᠢᠯᠡᠭᠦᠯᠬᠦ ᠬᠥᠮᠦᠵᠢᠯ ᠦᠨ ᠬᠠᠮᠢᠶ᠎ᠠ ᠪᠥᠬᠥᠶ ᠠᠭᠤᠯᠭ᠎ᠠ ᠶᠢ | ᠦᠵᠡᠬᠦ | ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠵᠤ ᠰᠡᠷᠡᠮᠵᠢᠯᠡᠭᠦᠯᠬᠦ ᠬᠥᠮᠦᠵᠢᠯ ᠦᠨ ᠲᠤᠰᠬᠠᠶ ᠰᠡᠳᠦᠪᠲᠦ | ᠹᠢᠯᠢᠮ ᠢ ᠦᠵᠡᠭᠦᠯᠪᠡ᠃ ᠰᠡᠷᠡᠮᠵᠢᠯᠡᠭᠦᠯᠬᠦ ᠬᠥᠮᠦᠵᠢᠯ ᠦᠨ ᠹᠢᠯᠢᠮ ᠢ ᠦᠵᠡᠬᠦ ᠪᠡᠷ ᠳᠠᠮᠵᠢᠭᠤᠯᠤᠨ᠂ | ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠦᠨ ᠵᠢᠱᠢᠶ᠎ᠡ ᠶᠢ ᠭᠦᠨᠵᠡᠭᠡᠢ ᠵᠠᠳᠠᠯᠤᠨ ᠰᠢᠨᠵᠢᠯᠡᠵᠦ᠂ | ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠦᠰ ᠢᠶᠡᠨ ᠬᠥᠮᠦᠵᠢᠭᠦᠯᠬᠦ ᠶᠢ ᠴᠢᠬᠤᠯᠠᠴᠢᠯᠠᠵᠤ᠂ ᠨᠠᠮ ᠤᠨ ᠭᠡᠰᠢᠭᠦᠨ | ᠺᠠᠳ᠋ᠷᠴᠤᠳ ᠢ ᠰᠡᠷᠡᠮᠵᠢᠯᠡᠭᠦᠯᠬᠦ᠂ ᠬᠣᠷᠢᠭ᠎ᠠ ᠱᠤᠭᠤᠮ ᠢ ᠲᠣᠳᠣᠷᠬᠠᠶᠢᠯᠠᠬᠤ᠂ ᠪᠢᠰᠢᠷᠡᠨ | ᠵᠢᠷᠦᠬᠡᠰᠢᠶᠡᠬᠦ ᠶᠢ ᠮᠡᠳᠡᠬᠦ ᠪᠣᠯᠭᠠᠵᠤ᠂ ᠰᠠᠬᠢᠯᠭ᠎ᠠ ᠪᠠᠲᠤ ᠶᠢᠨ ᠤᠬᠠᠮᠰᠠᠷ ᠢᠶᠠᠨ | ᠤᠯᠠᠮ ᠨᠢᠭᠡ ᠠᠯᠬᠤᠮ ᠴᠢᠩᠭᠠᠳᠬᠠᠵᠤ᠂ ᠥᠪᠡᠷ ᠢ ᠪᠡᠨ ᠬᠢᠵᠠᠭᠠᠷᠯᠠᠬᠤ ᠪᠠᠨ ᠴᠢᠩᠭᠠᠳᠬᠠᠵᠤ᠂ ᠦᠯᠦ | ᠬᠠᠯᠳᠠᠭᠠᠬᠤ ᠴᠢᠳᠠᠪᠤᠷᠢ ᠪᠠᠨ ᠳᠡᠭᠡᠭᠰᠢᠯᠡᠭᠦᠯᠪᠡ᠃ ᠡᠭᠦᠨ ᠦ ᠬᠠᠮᠲᠤ ᠨᠠᠮ ᠤᠨ ᠭᠡᠰᠢᠭᠦᠨ | ᠺᠠᠳ᠋ᠷᠴᠤᠳ ᠢᠶᠠᠷ ᠥᠪᠡᠷ ᠦᠨ ᠦᠢᠯᠡ ᠠᠵᠢᠯᠯᠠᠭ᠎ᠠ ᠨᠢ ᠨᠠᠮ ᠤᠨ ᠰᠠᠬᠢᠯᠭ᠎ᠠ ᠪᠠᠲᠤ ᠶᠢᠨ | ᠱᠠᠭᠠᠷᠳᠠᠯᠭ᠎ᠠ ᠳᠤ ᠨᠡᠶᠢᠴᠡᠵᠦ ᠪᠠᠶᠢᠬᠤ ᠡᠰᠡᠬᠦ ᠶᠢ ᠡᠷᠭᠢᠴᠡᠭᠦᠯᠦᠨ ᠪᠣᠳᠣᠭᠤᠯᠵᠤ᠂ | ᠰᠡᠳᠬᠢᠯ ᠵᠢᠷᠦᠬᠡᠨ ᠡᠴᠡ ᠪᠡᠨ ᠡᠮᠢᠶᠡᠬᠦ᠂ ᠦᠭᠡ ᠬᠡᠯᠡᠬᠦ ᠳᠡᠭᠡᠨ ᠴᠡᠭᠡᠷ ᠲᠡᠶ᠂ ᠦᠢᠯᠡ ᠠᠵᠢᠯᠯᠠᠭ᠎ᠠ ᠳᠠᠭᠠᠨ | ᠬᠢᠵᠠᠭᠠᠷᠯᠠᠯ ᠲᠠᠶ ᠪᠠᠶᠢᠬᠤ ᠶᠢ ᠦᠨᠡᠨ ᠬᠦ ᠪᠡᠶᠡᠯᠡᠭᠦᠯᠪᠡ᠃ | ᠲᠠᠪᠤᠳᠤᠭᠠᠷ ᠠᠯᠬᠤᠮ ᠄ ︽ ᠬᠡᠷᠡᠭᠯᠡᠬᠦ ︾ ︱ ᠭᠣᠸᠯ ᠰᠡᠳᠦᠪᠲᠦ ᠨᠠᠮ ᠤᠨ ᠡᠳᠦᠷ ᠦᠨ ᠠᠵᠢᠯᠯᠠᠭ᠎ᠠ | ︽ᠠᠷᠢᠭᠤᠨ ᠴᠢᠬᠡᠴᠢ ᠶᠢᠨ ᠨᠣᠮ ᠢ ᠤᠩᠰᠢᠵᠤ ᠠᠷᠢᠭᠤᠨ ᠴᠢᠬᠡᠴᠢ ᠶᠢᠨ ᠬᠣᠷᠢᠭ᠎ᠠ ᠱᠤᠭᠤᠮ ᠢ ᠴᠣᠭᠴᠠᠯᠠᠬᠤ︾ | ᠠᠷᠢᠭᠤᠨ ᠴᠢᠬᠡᠴᠢ ᠶᠢᠨ ᠦᠯᠢᠭᠡᠷ ᠢ ᠪᠢ ᠶᠠᠷᠢᠬᠤ ᠭᠣᠣᠯ ᠰᠡᠳᠦᠪᠲᠦ ᠨᠠᠮ ᠤᠨ ᠡᠳᠦᠷ ᠦᠨ ᠠᠵᠢᠯᠯᠠᠭ᠎ᠠ ᠶᠢ | ᠵᠣᠬᠢᠶᠠᠨ ᠪᠠᠶᠢᠭᠤᠯᠤᠨ ᠥᠷᠨᠢᠭᠦᠯᠪᠡ᠃ ᠮᠣᠩᠭᠣᠯ ᠭᠡᠷ ᠲᠦ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ | ᠪᠠᠶᠢᠭᠤᠯᠤᠨ ᠨᠠᠮ ᠳᠤ ᠣᠷᠣᠬᠤ ᠲᠠᠩᠭᠠᠷᠢᠭ ᠤᠨ ᠦᠭᠡᠰ ᠢ ᠲᠠᠬᠢᠨ ᠡᠷᠭᠢᠴᠡᠭᠦᠯᠵᠦ᠂ ᠠᠷᠢᠭᠤᠨ | ᠴᠢᠬᠡᠴᠢ ᠬᠥᠮᠦᠰ ᠦᠨ ᠦᠯᠢᠭᠡᠷ ᠢ ᠬᠤᠪᠢᠶᠠᠯᠴᠠᠨ ᠡᠳ᠋ᠯᠡᠭᠦᠯᠵᠦ᠂ ᠨᠠᠮ ᠤᠨ ᠭᠡᠰᠢᠭᠦᠨ ᠺᠠᠳ᠋ᠷᠴᠤᠳ ᠤᠨ | ᠠᠵᠢᠯᠯᠠᠭ᠎ᠠ ᠶᠢᠨ ᠳᠤᠮᠳᠠ ᠨᠠᠮ ᠤᠨ ᠰᠠᠬᠢᠯᠭ᠎ᠠ ᠪᠠᠲᠤ ᠶᠢᠨ ᠤᠬᠠᠮᠰᠠᠷ ᠢ ᠳᠡᠭᠡᠭᠰᠢᠯᠡᠭᠦᠯᠦᠨ᠎ᠡ᠃ | ᠡᠭᠦᠨ ᠦ ᠬᠠᠮᠲᠤ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠶᠢᠨ ᠱᠠᠳᠤᠴᠢ ᠴᠢᠨᠠᠷᠲᠠᠢ ᠦᠷ᠎ᠡ ᠪᠦᠲᠦᠭᠡᠯ ᠢ ᠠᠰᠢᠭᠯᠠᠨ | ᠶᠠᠷᠢᠯᠴᠠᠭ᠎ᠠ ᠪᠠ ᠰᠣᠯᠢᠯᠴᠠᠭ᠎ᠠ ᠶᠢ ᠥᠷᠨᠢᠭᠦᠯᠵᠦ᠂ ᠡᠳᠦᠷ ᠲᠤᠳᠤᠮ ᠤᠨ ᠦᠭᠡ ᠶᠠᠷᠢᠶ᠎ᠠ ᠦᠢᠯᠡ | ᠠᠵᠢᠯᠯᠠᠭ᠎ᠠ ᠶᠢ ᠬᠡᠮᠵᠢᠬᠦ ᠪᠠᠷᠢᠮᠵᠢᠶ᠎ᠠ ᠶᠢ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠨᠠᠮ ᠤᠨ ᠲᠣᠭᠲᠠᠭᠠᠯ ᠨᠠᠮ ᠤᠨ | ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠵᠠᠯᠠᠷᠠᠭᠤᠯᠵᠤ᠂ ᠨᠠᠮ ᠤᠨ | ᠰᠠᠬᠢᠯᠭ᠎ᠠ ᠪᠠᠲᠤ ᠶᠢ ᠰᠤᠷᠤᠯᠴᠠᠬᠤ ᠶᠠᠪᠤᠴᠠ ᠶᠢ ᠦᠨᠡᠨ ᠬᠦ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠬᠤ᠂ | ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠠᠪᠤᠴᠠ ᠪᠣᠯᠭᠠᠨ᠎ᠠ᠃ | ᠵᠠᠯᠭᠠᠭᠠᠳ ᠰᠤᠮᠤᠨ ᠤ ᠨᠠᠮ ᠤᠨ ᠬᠣᠷᠢᠢ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠢ ᠠᠵᠢᠯ ᠢ ᠠᠬᠢᠭᠤᠯᠵᠤ᠂ ᠦᠢᠯᠡᠳᠦᠯᠭᠡ ᠶᠢ ᠵᠢᠯᠣᠭᠣᠳᠬᠤ ᠲᠠᠶ ᠤᠶᠠᠯᠳᠤᠭᠤᠯᠵᠤ᠂ | ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠭᠦᠨᠵᠡᠭᠡᠢ ᠠᠳᠬᠤᠨ ᠪᠣᠳᠠᠲᠠᠢ ᠠᠳᠬᠤᠵᠤ᠂ | ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨᠠᠬᠢ︾ ᠵᠢᠨ ᠵᠠᠭᠪᠤᠷ ᠢᠶᠠᠷ ᠳᠠᠮᠵᠢᠭᠤᠯᠤᠨ᠂ ᠰᠤᠷᠤᠯᠴᠠᠯᠭ᠎ᠠ ᠶᠢᠨ | ᠬᠦᠴᠦᠷᠬᠡᠭ ᠤᠯᠤᠰ᠂ ᠡᠪ ᠬᠠᠮᠲᠤ ᠨᠠᠮ ᠤᠨ ᠭᠡᠰᠢᠭᠦᠨ ᠦ ᠰᠦᠯᠵᠢᠢ᠎ᠡ᠂ ᠠᠯᠠᠱᠠ ᠶᠢᠨ ᠨᠠᠮ ᠤᠨ | ᠪᠠᠶᠢᠭᠤᠯᠤᠯᠲᠠ ᠵᠡᠷᠭᠡ ᠲᠠᠪᠴᠠᠩ ᠢ ᠰᠦᠯᠵᠢᠶᠡᠨ ᠳᠡᠭᠡᠷ᠎ᠡ ᠭᠦᠢᠴᠡᠳ ᠠᠰᠢᠭᠯᠠᠨ | ᠰᠤᠷᠤᠯᠴᠠᠯᠭ᠎ᠠ ᠳᠤ ᠣᠷᠣᠯᠴᠠᠵᠤ᠂ ᠰᠤᠷᠤᠯᠴᠠᠯᠭ᠎ᠠ ᠶᠢ ︽ᠥᠴᠦᠬᠡᠨ ᠴᠦ | ᠤᠳᠠᠭᠠᠰᠢᠷᠠᠭᠤᠯᠬᠤ ᠦᠭᠡᠢ︾᠂ ᠰᠤᠷᠭᠠᠨ ᠬᠥᠮᠦᠵᠢᠯ ᠢ ︽ᠬᠡᠯᠬᠢᠢ᠎ᠡ ᠡᠴᠡ ᠰᠠᠯᠭᠠᠬᠤ | ᠦᠭᠡᠢ︾ ᠪᠣᠯᠭᠠᠬᠤ ᠶᠢ ᠪᠡᠶᠡᠯᠡᠭᠦᠯᠦᠨ᠎ᠡ︔ ᠰᠦᠯᠵᠢᠶᠡᠨ ᠡᠴᠡ ᠭᠠᠳᠠᠨ᠎ᠠ ᠭᠠᠴᠠᠭᠠᠨ ᠤ ᠨᠠᠮ ᠤᠨ ᠭᠡᠰᠢᠭᠦᠳ ᠲᠦ | ︽ ᠰᠤᠷᠤᠯᠭ᠎ᠠ ᠶᠢ ᠬᠡᠷ ᠲᠦᠨᠢ ᠬᠦᠷᠭᠡᠬᠦ ︾ ᠵᠡᠷᠭᠡ ᠠᠵᠢᠯᠯᠠᠭ᠎ᠠ ᠥᠷᠨᠢᠭᠦᠯᠵᠦ ᠂ ᠰᠤᠷᠤᠯᠭ᠎ᠠ ᠶᠢᠨ ᠲᠠᠯ᠎ᠠ ᠪᠠᠷ | ︽ ᠬᠢᠴᠢᠶᠡᠯ ᠡᠴᠡ ᠬᠣᠴᠣᠷᠬᠤ ᠥᠬᠡᠶ ︾ ᠂ ᠣᠨᠣᠯ ᠤᠨ ᠲᠠᠯ᠎ᠠ ᠪᠠᠷ ︽ ᠰᠤᠷᠤᠯᠭ᠎ᠠ ᠠᠴᠠ ᠬᠣᠴᠣᠷᠬᠤ ᠥᠬᠡᠶ ︾ ᠂ | ᠣᠶᠤᠨ ᠰᠠᠨᠠᠭᠠᠨ ᠤ ᠲᠠᠯ᠎ᠠ ᠪᠠᠷ ︽ ᠡᠩᠨᠡᠭᠡ ᠡᠴᠡ ᠪᠡᠨ ᠬᠣᠴᠣᠷᠬᠤ ᠥᠬᠡᠶ ︾ ᠪᠠᠶᠢᠬᠤ ᠶᠢ ᠦᠨᠡᠨᠬᠦ ᠪᠠᠲᠤᠯᠠᠨ᠎ᠠ ᠃ | |