77 ᠳ᠋ᠤᠭᠠᠷ ︽ ᠳᠡᠯᠡᠬᠡᠶ ᠶᠢᠨ ᠤᠯᠠᠭᠠᠨ ᠵᠠᠭᠠᠯᠮᠠᠶᠢᠲᠠᠨ ᠤ ᠡᠳᠦᠷ ︾ ᠢ ᠳᠤᠷᠠᠰᠬᠠᠵᠤ ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠦᠨ ᠨᠡᠶᠢᠭᠡᠮ ᠦᠨ ᠨᠥᠯᠥᠭᠡ ᠶᠢ ᠤᠯᠠᠮ ᠨᠢᠭᠡ ᠠᠯᠬᠤᠮ | ᠥᠷᠭᠡᠳᠬᠡᠨ ᠂ ᠨᠠᠩ ᠣᠯᠠᠨ ᠨᠡᠶᠢᠭᠡᠮ ᠦᠨ ᠬᠦᠴᠦᠨ ᠢ ᠨᠢᠭᠲᠠᠷᠠᠭᠤᠯᠵᠤ ᠤᠯᠠᠭᠠᠨ ᠵᠠᠭᠠᠯᠮᠠᠶᠢᠲᠠᠨ ᠤ ᠦᠶᠯᠡᠰ ᠲᠦ | ᠣᠷᠣᠯᠴᠠᠭᠤᠯᠬᠤ ᠪᠠ ᠳᠡᠮᠵᠢᠬᠦ ᠶᠢᠨ ᠲᠥᠯᠥᠭᠡ ᠂ ᠡᠵᠡᠨ᠎ᠡ ᠬᠣᠰᠢᠭᠤᠨ ᠤ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠦᠨ ᠨᠢᠭᠡᠳᠦᠯᠲᠡᠶ ᠲᠣᠬᠢᠷᠠᠭᠤᠯᠤᠯᠲᠠ ᠪᠠ ᠵᠣᠬᠢᠶᠠᠨ | ᠪᠠᠶᠢᠭᠤᠯᠤᠯᠲᠠ ᠳᠣᠸᠷ᠎ᠠ ᠂ ᠰᠤᠮᠤ ︽ ᠤᠯᠠᠭᠠᠨ ᠵᠠᠭᠠᠯᠮᠠᠶᠢᠲᠠᠨ ᠤ ᠲᠦᠭᠡᠮᠡᠯ | ᠬᠠᠶᠢᠷ᠎ᠠ ᠶᠢᠨ ᠭᠠᠷᠠᠭ ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ | ᠥᠷᠨᠢᠭᠦᠯᠪᠡ ᠃ | 5 ᠰᠠᠷ᠎ᠠ ᠶᠢᠨ 7 ᠤ ᠡᠳᠦᠷ᠂ ᠰᠤᠮᠤᠨ ᠤ ᠬᠢᠨ ᠺᠠᠳ᠋ᠷ ᠠᠵᠢᠯᠲᠠᠳ ᠢ ᠵᠣᠬᠢᠶᠠᠨ ᠪᠠᠶᠢᠭᠤᠯᠵᠤ | ᠳᠠᠯᠠᠶᠢᠬᠦᠪ ᠪᠠᠯᠭᠠᠰᠤᠨ ᠤ ᠴᠢᠩᠭ᠎ᠠ ᠬᠠᠮᠢᠶᠠᠷᠤᠯᠲᠠ ᠶᠢᠨ ᠵᠡᠭᠡᠯᠢ ᠳᠦ ᠲᠥᠪᠯᠡᠷᠡᠩᠭᠦᠢ ᠤᠬᠠᠭᠤᠯᠭ᠎ᠠ ᠥᠷᠨᠢᠭᠦᠯᠵᠦ᠂ | ᠬᠥᠨᠳᠡᠯᠡᠨ ᠪᠢᠴᠢᠭᠡᠰᠦ ᠲᠠᠲᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠬᠡᠯᠪᠡᠷᠢ ᠪᠡᠷ ᠤᠯᠠᠭᠠᠨ | ᠵᠠᠭᠠᠯᠮᠠᠢᠢᠳᠠᠨ ᠤ ᠬᠥᠳᠡᠯᠭᠡᠭᠡᠨ ᠦ ᠮᠡᠳᠡᠯᠭᠡ᠂ ᠬᠣᠯᠪᠣᠭᠳᠠᠯ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ᠂ ᠤᠯᠠᠭᠠᠨ ᠵᠠᠭᠠᠯᠮᠠᠢᠢᠳᠠᠨ ᠤ ᠰᠣᠶᠣᠯ᠂ ︽ᠳᠡᠷᠭᠡᠳᠡ ᠪᠡᠨ ᠠᠪᠤᠷᠠᠬᠤ + ᠠᠮᠢ ᠨᠠᠰᠤᠨ ᠤ | ᠬᠥᠮᠦᠵᠢᠯ︾᠂︽ᠬᠥᠮᠦᠯᠢᠭ ᠦᠵᠡᠯ ᠦᠨ ᠠᠪᠤᠷᠠᠨ ᠲᠤᠰᠠᠯᠠᠯᠲᠠ + ᠠᠮᠢ ᠨᠠᠰᠤᠨ ᠤ ᠬᠥᠮᠦᠵᠢᠯ︾ ᠵᠡᠷᠭᠡ ᠮᠡᠳᠡᠯᠭᠡ ᠶᠢ | ᠶᠡᠬᠡᠪᠡᠷ ᠤᠬᠠᠭᠤᠯᠵᠤ᠂ ᠤᠯᠠᠨ ᠲᠦᠮᠡᠨ ᠦ ᠤᠯᠠᠭᠠᠨ ᠵᠠᠭᠠᠯᠮᠠᠢᠢᠳᠠᠨ ᠤ ᠠᠵᠢᠯ ᠤᠨ ᠲᠤᠬᠠᠢ | ᠣᠶᠢᠯᠠᠭᠠᠯᠲᠠ ᠶᠢ ᠨᠡᠮᠡᠭᠳᠡᠭᠦᠯᠵᠡᠢ᠃ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 60 | ᠭᠠᠷᠤᠶ ᠬᠤᠪᠢ ᠲᠠᠷᠬᠠᠭᠠᠵᠠᠶ ᠃ | ᠳᠠᠷᠠᠭ᠎ᠠ ᠶᠢᠨ ᠠᠯᠬᠤᠮ ᠳᠤ ᠰᠤᠮᠤᠨ ᠤ ᠬᠢᠨ ᠰᠤᠮᠤᠨ ᠤ ᠡᠷᠡᠭᠦᠯ ᠬᠠᠮᠠᠭᠠᠯᠠᠯ ᠤᠨ ᠬᠣᠷᠢᠶ᠎ᠠ ᠶᠢ | ᠢᠳᠡᠪᠬᠢᠲᠡᠶ ᠪᠡᠷ ᠵᠣᠬᠢᠶᠠᠨ ᠪᠠᠶᠢᠭᠤᠯᠵᠤ ᠂ ᠡᠯ᠎ᠡ ᠲᠥᠷᠥᠯ ᠦᠨ ᠡᠷᠦᠬᠡ ᠳᠦ ᠣᠷᠣᠬᠤ | ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ ᠂ ᠬᠠᠷᠢᠶᠠᠲᠤ ᠣᠷᠣᠨ ᠤ ᠮᠠᠯᠴᠢᠨ | ᠲᠦᠮᠡᠨ ᠳᠦ ᠡᠮᠴᠢ ᠡᠷᠢᠵᠦ ᠠᠰᠠᠭᠤᠨ ᠣᠨᠣᠰᠢᠯᠠᠬᠤ ᠂ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ | ᠤᠬᠠᠭᠤᠯᠬᠤ ᠵᠡᠷᠭᠡ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠂ ᠪᠣᠳᠠᠲᠤ ᠠᠵᠢᠯᠯᠠᠭ᠎ᠠ ᠪᠠᠷ ᠢᠶᠠᠨ ᠣᠯᠠᠨ ᠲᠦᠮᠡᠨ ᠳᠦ | ᠦᠶᠯᠡᠴᠢᠯᠡᠬᠦ ᠬᠠᠶᠢᠷ᠎ᠠ ᠬᠠᠯᠠᠮᠵᠢ ᠶᠢᠨ ᠬᠥᠭᠥᠷᠭᠡ ᠶᠢ ᠦᠨᠡᠨ ᠬᠦ ᠴᠣᠭᠴᠠᠯᠠᠵᠤ ᠂ ᠨᠠᠩ ᠣᠯᠠᠨ | ᠲᠦᠮᠡᠨ ᠳᠦ ᠤᠯᠠᠭᠠᠨ ᠵᠠᠭᠠᠯᠮᠠᠶᠢᠲᠠᠨ ᠤ ᠮᠡᠳᠡᠯᠭᠡ ᠶᠢ ᠣᠶᠢᠯᠠᠭᠠᠭᠤᠯᠵᠤ ᠂ ᠨᠡᠶᠢᠭᠡᠮ ᠦᠨ ᠬᠦᠴᠦᠨ ᠢ | ᠨᠢᠭᠲᠠᠷᠠᠭᠤᠯᠤᠨ ᠤᠯᠠᠭᠠᠨ ᠵᠠᠭᠠᠯᠮᠠᠶᠢᠲᠠᠨ ᠤ ᠦᠶᠯᠡᠰ ᠢ ᠳᠡᠮᠵᠢᠬᠦ ᠳᠦ ᠣᠷᠣᠯᠴᠠᠭᠤᠯᠵᠤ ᠂ | ︽ ᠬᠤᠪᠢ ᠨᠡᠮᠡᠷᠢ ᠦᠵᠡᠭᠦᠯᠵᠦ ᠬᠠᠷᠢᠯᠴᠠᠨ ᠬᠠᠪᠰᠤᠷᠤᠯᠴᠠᠬᠤ ᠂ ᠬᠠᠮᠲᠤ ᠪᠠᠷ ᠳᠠᠪᠰᠢᠬᠤ ︾ ᠨᠡᠶᠢᠭᠡᠮ ᠦᠨ ᠠᠭᠤᠷ | ᠠᠮᠢᠰᠬᠤᠯ ᠢ ᠪᠣᠶ ᠪᠣᠯᠭᠠᠨ᠎ᠠ ᠃ | | |