ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠬᠤᠰᠢᠭᠤᠨ ᠤ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ ᠳᠤ᠄ | ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 2 ᠳ᠋ᠤᠭᠠᠷ ᠤᠳᠠᠭᠠᠨ ᠤ ᠪᠠᠶᠢᠩᠭᠤ ᠶᠢᠨ | ᠬᠤᠷᠠᠯ ᠢᠶᠠᠷ ᠰᠤᠳᠤᠯᠤᠨ ᠪᠠᠲᠤᠯᠠᠭᠠᠳ᠂ ᠡᠳᠦᠭᠡ ︽ᠡᠵᠡᠨ᠎ᠡ ᠬᠤᠰᠢᠭᠤᠨ ᠤ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢᠨ ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢ ᠤᠯᠠᠮ ᠨᠢᠭᠡ ᠠᠯᠬᠤᠮ ᠲᠣᠳᠣᠷᠬᠠᠶᠢᠯᠠᠬᠤ ᠰᠠᠨᠠᠯ︾ ᠢ ᠳᠠᠷᠤᠮᠠᠯᠯᠠᠨ ᠶᠠᠪᠤᠭᠤᠯᠤᠯ᠎ᠠ᠂ | ᠪᠣᠳᠠᠲᠠᠶ ᠲᠠᠢ ᠪᠠᠨ ᠤᠶᠠᠯᠳᠤᠭᠤᠯᠤᠨ᠂ ᠲᠤᠤᠱᠯᠠᠭᠤᠯᠤᠨ ᠨᠠᠶᠢᠳᠠᠪᠤᠷᠢᠵᠢᠭᠤᠯᠤᠭᠠᠷᠠᠢ᠃ | ᠡᠵᠡᠨ᠎ᠡ ᠬᠤᠰᠢᠭᠤᠨ ᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢᠨ ᠵᠠᠰᠠᠭ | ᠵᠠᠬᠢᠷᠭᠠᠨ ᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠤᠯᠠᠮ ᠨᠢᠭᠡ ᠠᠯᠬᠤᠮ | ᠲᠣᠳᠣᠷᠬᠠᠶᠢᠯᠠᠬᠤ ᠰᠠᠨᠠᠯ | ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠵᠤ | ᠳᠠᠭᠠᠭᠠᠴᠢᠯᠠᠯᠲᠠ ᠬᠦᠯᠢᠶᠡᠬᠦ ︵ᠳᠣᠷᠣᠭᠰᠢ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠭᠡᠵᠦ | ᠲᠣᠪᠴᠢᠯᠠᠨ᠎ᠠ︶ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠦᠬᠦ ᠬᠤᠰᠢᠭᠤᠨ ᠤ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠤᠮᠳᠠᠬᠢ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠶᠢ ᠭᠦᠢᠴᠡᠳ | ᠪᠠᠳᠠᠷᠠᠭᠤᠯᠬᠤ ᠶᠢᠨ ᠲᠥᠯᠥᠭᠡ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠬᠠᠤᠯᠢ︾ ᠶᠢᠨ ᠭᠤᠷᠪᠠᠳᠤᠭᠠᠷ ᠵᠦᠢᠯ᠂ ᠳᠣᠯᠣᠳᠤᠭᠠᠷ ᠵᠦᠢᠯ ᠢ ᠦᠨᠳᠦᠰᠦᠯᠡᠨ | ︽ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠤ | ᠵᠠᠰᠠᠭ ᠵᠠᠬᠢᠷᠭᠠᠨ ᠤ ᠬᠢᠨᠠᠯᠲᠠ ᠲᠠᠯᠪᠢᠬᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠢ ᠳᠠᠷᠤᠮᠠᠯᠯᠠᠨ ᠶᠠᠪᠤᠭᠤᠯᠬᠤ | ᠲᠤᠬᠠᠶ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ〔2000〕34 ᠳ᠋ᠦ᠋ᠭᠡᠷ ᠲᠣᠭᠠᠲᠤ︶ ᠤᠨ ᠭᠤᠷᠪᠠᠳᠤᠭᠠᠷ | ᠵᠦᠢᠯ ᠢ ᠦᠨᠳᠦᠰᠦᠯᠡᠨ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠬᠠᠤᠯᠢ ᠶᠢ ᠬᠡᠷᠡᠭᠵᠢᠭᠦᠯᠬᠦ ᠳᠦᠷᠢᠮ︾ ᠤᠨ ᠳᠥᠷᠪᠡᠳᠦᠭᠡᠷ ᠵᠦᠢᠯ᠂ | ᠳᠣᠯᠣᠳᠤᠭᠠᠷ ᠵᠦᠢᠯ᠂ ᠠᠷᠪᠠᠨ ᠨᠢᠭᠡᠳᠦᠭᠡᠷ ᠵᠦᠢᠯ ᠵᠡᠷᠭᠡ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢᠨ ᠵᠠᠰᠠᠭ ᠵᠠᠬᠢᠷᠭᠠᠨ ᠤ ᠬᠢᠨᠠᠯᠲᠠ ᠲᠠᠯᠪᠢᠬᠤ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠳᠤ ᠳᠣᠤᠷᠠᠬᠢ ᠮᠡᠲᠦ ᠰᠠᠨᠠᠯ ᠢ ᠳᠤᠷᠠᠳᠪᠠ᠄ | ᠨᠢᠭᠡ᠂ ᠬᠡᠷᠡᠭᠯᠡᠬᠦ ᠬᠡᠪᠴᠢᠶ᠎ᠡ | ᠡᠵᠡᠨ᠎ᠡ ᠬᠤᠰᠢᠭᠤᠨ ᠤ ᠬᠢᠯᠢ ᠳᠣᠲᠣᠷᠠᠬᠢ ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ | ᠵᠦᠢᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯ | ᠬᠤᠶᠠᠷ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ︵ᠨᠢᠭᠡ᠄ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠄ ᠠᠵᠢᠯ ᠲᠥᠷᠥᠯ ᠤᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢ ᠬᠢᠨᠠᠨ ᠬᠠᠮᠢᠶᠠᠷᠬᠤ᠂ | ᠵᠢᠯᠣᠭᠤᠳᠬᠤ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠭᠦᠢᠴᠡᠳᠭᠡᠬᠦ ᠶᠢ ᠬᠠᠷᠢᠭᠤᠴᠠᠵᠤ᠂ ᠳᠠᠭᠠᠭᠠᠴᠢᠯᠠᠯᠲᠠ | ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠠᠬ᠎ᠠ ᠳᠡᠯᠭᠡᠭᠦᠷ ᠤᠨ ᠦᠢᠯᠡ ᠠᠵᠢᠯᠯᠠᠭ᠎ᠠ ᠶᠢ ᠵᠢᠷᠤᠮᠵᠢᠭᠤᠯᠤᠨ᠂ ᠪᠥᠬᠦ | ᠬᠤᠰᠢᠭᠤᠨ ᠤ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠲᠥᠷᠥᠯ ᠵᠦᠢᠯ ᠳᠤ ᠬᠠᠤᠯᠢ ᠶᠣᠰᠣᠭᠠᠷ | ᠪᠠᠶᠢᠴᠠᠭᠠᠯᠲᠠ ᠬᠢᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠪᠠᠶᠢᠴᠠᠭᠠᠨ ᠰᠢᠶ᠋ᠳᠪᠦᠷᠢᠯᠡᠨ᠎ᠡ᠃ ᠲᠥᠷᠥᠯ ᠵᠦᠢᠯ ᠤᠨ ᠪᠣᠯᠤᠮᠵᠢᠲᠤ ᠰᠤᠳᠤᠯᠤᠯ ᠤᠨ ᠮᠡᠳᠡᠭᠦᠯᠦᠯᠲᠡ ᠶᠢ ᠬᠢᠨᠠᠨ | ᠵᠥᠪᠰᠢᠶᠡᠷᠡᠬᠦ ᠦᠶ᠎ᠡ ᠳᠤ᠂ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ︵ᠳᠠᠭᠠᠭᠠᠴᠢᠯᠠᠯᠲᠠ | ᠵᠠᠷᠯᠠᠬᠤ ᠠᠷᠭ᠎ᠠ ᠪᠤᠶᠤ ᠥᠪᠡᠰᠦᠪᠡᠨ ᠳᠠᠭᠠᠭᠠᠴᠢᠯᠠᠯᠲᠠ ᠵᠠᠷᠯᠠᠬᠤ ᠳᠤ ᠨᠠᠶᠢᠳᠠᠨ᠎ᠠ︶ ᠪᠣᠯᠤᠨ ᠲᠠᠭᠠᠭᠠᠴᠢᠯᠠᠯᠲᠠ | ᠵᠠᠷᠯᠠᠬᠤ ᠬᠦᠷᠢᠶ᠎ᠡ ᠬᠡᠪᠴᠢᠶ᠎ᠡ ᠶᠢ ᠬᠢᠨᠠᠨ ᠵᠦᠪᠰᠢᠶᠡᠷᠡᠨ᠎ᠡ᠃ ᠲᠥᠷᠥᠯ ᠵᠦᠢᠯ ᠢ ᠬᠢᠨᠠᠨ ᠵᠥᠪᠰᠢᠶᠡᠷᠡᠭᠰᠡᠨ ᠤ ᠳᠠᠷᠠᠭ᠎ᠠ᠂ | ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠲᠣᠭᠲᠠᠭᠠᠭᠰᠠᠨ | ᠳᠠᠭᠠᠭᠠᠴᠢᠯᠠᠯᠲᠠ ᠵᠠᠷᠯᠠᠬᠤ ᠠᠷᠭ᠎ᠠ ᠮᠠᠶ᠋ᠢᠭ ᠪᠣᠯᠤᠨ ᠬᠡᠪᠴᠢᠶ᠎ᠡ ᠵᠡᠷᠭᠡ ᠪᠠᠶᠢᠳᠠᠯ ᠢᠶᠠᠨ ᠴᠠᠭ ᠲᠤᠬᠠᠶ ᠳᠤᠨᠢ ᠮᠡᠳᠡᠭᠦᠯᠬᠦ | ᠬᠡᠷᠡᠭᠲᠡᠶ᠃ ᠲᠤᠰ ᠰᠠᠯᠠᠭ᠎ᠠ ᠮᠥᠴᠢᠷ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠳᠤ | ᠬᠢᠨᠠᠯᠲᠠ ᠲᠠᠯᠪᠢᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ | ︵ᠬᠤᠶᠠᠷ︶ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠄ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ | ᠬᠦᠯᠢᠶᠡᠬᠦ ᠵᠠᠰᠠᠭ ᠤᠨ ᠣᠷᠳᠣᠨ ᠤ ᠬᠤᠳᠠᠯᠳᠤᠨ ᠠᠪᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠪᠠᠶᠢᠭ᠎ᠠ | ᠪᠠᠶᠢᠳᠠᠯ ᠳᠤ ᠬᠠᠤᠯᠢ ᠶᠤᠰᠤᠭᠠᠷ ᠬᠢᠨᠠᠯᠲᠠ ᠲᠠᠯᠪᠢᠨ᠎ᠠ᠃ | ︵ᠭᠤᠷᠪᠠ︶ ᠬᠤᠰᠢᠭᠤᠨ ᠤ ᠬᠢᠨᠠᠨ ᠪᠤᠳᠤᠬᠤ ᠲᠣᠪᠴᠢᠶ᠎ᠠ᠄ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠠᠵᠢᠯᠯᠠᠭ᠎ᠠ ᠶᠢᠨ ᠲᠥᠷᠥᠯ ᠵᠦᠢᠯ ᠤᠨ ᠬᠡᠷᠡᠭᠵᠢᠭᠦᠯᠦᠯᠲᠡ᠂ ᠪᠠᠯᠠ ᠮᠥᠩᠭᠦ ᠶᠢᠨ ᠬᠡᠷᠡᠭᠵᠢᠭᠦᠯᠦᠯᠲᠡ ᠵᠡᠷᠭᠡ | ᠪᠠᠶᠢᠳᠠᠯ ᠳᠤ ᠬᠠᠤᠯᠢ ᠲᠣᠭᠲᠠᠭᠠᠯ ᠶᠣᠰᠣᠭᠠᠷ ᠬᠢᠨᠠᠨ ᠪᠤᠳᠤᠵᠤ ᠬᠢᠨᠠᠯᠲᠠ ᠲᠠᠯᠪᠢᠨ᠎ᠠ᠃ | ︵ᠳᠥᠷᠪᠡ︶ ᠬᠤᠰᠢᠭᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠄ ᠵᠠᠰᠠᠭ ᠤᠨ | ᠣᠷᠳᠣᠨ ᠤ ᠪᠠᠯᠠ ᠣᠷᠣᠭᠤᠯᠤᠯᠲᠠ ᠶᠢᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ | ᠠᠵᠢᠯᠯᠠᠭ᠎ᠠ ᠶᠢᠨ ᠲᠥᠬᠦᠭᠡᠷᠦᠮᠵᠢ᠂ ᠡᠯᠧᠺᠲᠷᠣᠨ ᠠᠷᠠᠯᠵᠢᠶᠠᠨ ᠤ ᠲᠠᠪᠴᠠᠩ᠂ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ᠂ ᠡᠯᠧᠺᠲᠷᠣᠨ ᠬᠢᠨᠠᠯᠲᠠ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ᠂ | ᠠᠵᠢᠯᠯᠠᠭᠠᠨ᠂ ᠬᠠᠮᠠᠭᠠᠯᠠᠯᠲᠠ ᠪᠠ ᠬᠠᠮᠢᠶᠠᠷᠤᠯᠲᠠ ᠶᠢ ᠬᠠᠷᠢᠭᠤᠴᠠᠨ᠎ᠠ᠃ ᠬᠠᠤᠯᠢ ᠲᠣᠭᠲᠠᠭᠠᠯ ᠶᠣᠰᠣᠭᠠᠷ | ᠠᠷᠠᠯᠵᠢᠶᠠᠨ ᠤ ᠴᠤᠪᠤᠷᠠᠯ᠂ ᠠᠵᠢᠯᠯᠠᠬᠤ ᠲᠦᠷᠢᠮ᠂ ᠲᠠᠪᠴᠠᠩ ᠤᠨ ᠬᠠᠮᠢᠶᠠᠷᠤᠯᠲᠠ ᠶᠢᠨ ᠲᠦᠷᠢᠮ ᠵᠢᠴᠢ | ᠳᠣᠲᠣᠭᠠᠳᠤ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠢ ᠲᠣᠭᠲᠠᠭᠠᠵᠤ᠂ ᠠᠵᠢᠯ ᠲᠥᠷᠥᠯ ᠤᠨ ᠭᠤᠤᠯᠴᠢᠯᠠᠨ | ᠬᠠᠮᠢᠶᠠᠷᠬᠤ ᠰᠠᠯᠠᠭ᠎ᠠ ᠮᠥᠴᠢᠷ ᠢ ᠬᠠᠮᠵᠢᠨ ᠳᠠᠭᠠᠭᠠᠴᠢᠯᠠᠯᠲᠠ ᠦᠨᠡᠯᠡᠬᠦ ︵ᠬᠢᠨᠠᠬᠤ︶︶ ᠮᠡᠷᠭᠡᠵᠢᠯᠲᠡᠨ ᠳᠤ | ᠬᠠᠮᠢᠶᠠᠷᠤᠯᠲᠠ ᠬᠢᠨ᠎ᠡ᠃ ᠡᠯ᠎ᠡ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠵᠦ᠂ ᠵᠠᠬ᠎ᠠ ᠳᠡᠯᠭᠡᠭᠦᠷ ᠲᠤ ᠣᠷᠣᠭᠤᠯᠤᠨ ᠳᠠᠩᠰᠠᠯᠠᠬᠤ᠂ ᠮᠡᠳᠡᠭᠡ | ᠵᠠᠩᠭᠢ ᠨᠡᠶᠢᠲᠡᠯᠡᠬᠦ᠂ ᠲᠤᠰᠬᠠᠶ ᠮᠡᠷᠭᠡᠵᠢᠯᠲᠡᠨ ᠰᠣᠩᠭᠤᠨ ᠠᠪᠬᠤ᠂ ᠠᠷᠠᠯᠵᠢᠶᠠᠯᠠᠨ ᠬᠡᠷᠡᠭᠵᠢᠭᠦᠯᠬᠦ᠂ ᠦᠷ᠎ᠡ ᠳ᠋ᠦᠩ ᠢ | ᠢᠯᠡ ᠨᠡᠶᠢᠲᠡᠯᠡᠬᠦ ᠵᠡᠷᠭᠡ ᠪᠥᠬᠦ ᠴᠤᠪᠤᠷᠠᠯ ᠤᠨ ᠡᠯᠧᠺᠲᠷᠤᠨᠴᠢᠯᠠᠭᠰᠠᠨ ᠦᠢᠯᠡᠴᠢᠯᠡᠭᠡ ᠶᠢ ᠡᠭᠦᠷᠭᠡᠯᠡᠨ᠎ᠡ᠃ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠳᠠᠩᠰᠠ ᠡᠪᠬᠡᠮᠡᠯ ᠤᠨ ᠬᠠᠮᠢᠶᠠᠷᠤᠯᠲᠠ ᠶᠢ ᠬᠠᠷᠢᠭᠤᠴᠠᠵᠤ᠂ | ᠪᠠᠶᠢᠴᠠᠭᠠᠨ ᠯᠠᠪᠯᠠᠵᠤ ᠠᠰᠢᠭᠯᠠᠬᠤ ᠦᠢᠯᠡᠴᠢᠯᠡᠭᠡ ᠶᠢ ᠰᠠᠶᠢᠲᠤᠷ ᠬᠢᠵᠦ᠂ ᠳᠠᠭᠤ ᠳᠦᠷᠰᠦ ᠰᠢᠩᠭᠡᠭᠡᠯᠲᠡ ᠵᠡᠷᠭᠡ ᠣᠯᠠᠨ | ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠪᠢᠴᠢᠭ ᠮᠠᠲ᠋ᠧᠷᠢᠶᠠᠯ᠂ ᠮᠠᠲ᠋ᠧᠷᠢᠶᠠᠯ ᠪᠣᠯᠤᠨ ᠲᠤᠭ᠎ᠠ ᠪᠠᠷᠢᠮᠲᠠ | ᠵᠡᠷᠭᠡ ᠶᠢ ᠬᠠᠩᠭᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢᠨ ᠡᠮᠬᠢ ᠳᠢᠭᠯᠢᠮ ᠢ | ᠬᠠᠮᠠᠭᠠᠯᠠᠵᠤ᠂ ᠰᠡᠵᠢᠭᠯᠡᠯ᠂ ᠣᠨᠳᠣᠤ ᠰᠠᠨᠠᠯ ᠲᠠᠢ ᠵᠦᠢᠯᠡᠰ ᠢ ᠬᠠᠪᠰᠤᠷᠤᠨ ᠰᠢᠢᠳᠪᠦᠷᠢᠯᠡᠵᠦ᠂ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠮᠵᠢᠯᠴᠠᠨ ᠰᠢᠢᠳᠪᠦᠷᠢᠯᠡᠨ᠎ᠡ᠃ | ︵ᠲᠠᠪᠤ︶ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠵᠠᠮ | ᠬᠠᠷᠢᠯᠴᠠᠭ᠎ᠠ᠂ ᠤᠰᠤᠨ ᠠᠰᠢᠭᠯᠠᠯᠲᠠ᠂ ᠲᠠᠷᠢᠶᠠᠯᠠᠩ ᠤᠨ ᠰᠢᠨᠵᠢᠯᠡᠬᠦ ᠤᠬᠠᠭᠠᠨ᠂ ᠣᠶ ᠰᠢᠭᠤᠶ ᠡᠪᠡᠰᠦ ᠪᠡᠯᠴᠢᠭᠡᠷ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠬᠤᠯᠪᠣᠭᠳᠠᠯ ᠪᠥᠬᠦᠶ ᠵᠠᠰᠠᠭ ᠵᠠᠬᠢᠷᠭᠠᠨ ᠤ ᠬᠢᠨᠠᠯᠲᠠ | ᠲᠠᠯᠪᠢᠬᠤ ᠰᠠᠯᠠᠭ᠎ᠠ ᠮᠥᠴᠢᠷ ᠲᠣᠰ ᠠᠵᠢᠯ ᠲᠥᠷᠥᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ | ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠭᠤᠤᠯᠳᠠᠭᠤ ᠳᠣᠤᠷᠠᠬᠢ ᠡᠭᠦᠷᠭᠡ | ᠬᠠᠷᠢᠭᠤᠴᠠᠯᠭ᠎ᠠ ᠶᠢ ᠭᠦᠢᠴᠡᠳᠬᠡᠨ᠎ᠡ᠄ | 1. ᠲᠣᠰ ᠠᠵᠢᠯ ᠲᠥᠷᠥᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠬᠤᠯᠪᠣᠭᠳᠠᠯ ᠪᠥᠬᠦᠶ | ᠠᠷᠠᠯᠵᠢᠶᠠᠨ ᠤ ᠲᠦᠷᠢᠮ᠂ ᠦᠢᠯᠡᠴᠢᠯᠡᠭᠡᠨ ᠤ ᠴᠤᠪᠤᠷᠠᠯ ᠪᠠ ᠪᠠᠷᠢᠮᠵᠢᠶ᠎ᠠ ᠶᠢ ᠲᠣᠭᠲᠠᠭᠠᠬᠤ ᠳᠤ ᠣᠷᠣᠯᠴᠠᠬᠤ ᠶᠢᠨ | ᠬᠠᠮᠲᠤ ᠬᠡᠷᠡᠭᠵᠢᠭᠦᠯᠦᠨ᠎ᠡ᠃ | 2. ︽ᠬᠡᠨ ᠬᠢᠨᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠢ ᠴᠢᠩᠭ᠎ᠠ ᠵᠢᠷᠤᠮᠯᠠᠨ᠂ ᠲᠣᠰ ᠠᠵᠢᠯ | ᠲᠥᠷᠥᠯ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠲᠥᠷᠥᠯ ᠵᠦᠢᠯ ᠢ ᠲᠠᠪᠴᠠᠩ ᠳᠤ | ᠣᠷᠣᠭᠤᠯᠬᠤ ᠶᠢ ᠲᠦᠯᠬᠢᠨ ᠠᠬᠢᠭᠤᠯᠤᠨ᠎ᠠ᠃ | 3. ᠲᠣᠰ ᠠᠵᠢᠯ ᠲᠥᠷᠥᠯ ᠤᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠲᠥᠷᠥᠯ ᠵᠦᠢᠯ ᠳᠤ | ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ | 4. ᠲᠣᠰ ᠠᠵᠢᠯ ᠲᠥᠷᠥᠯ ᠢᠶᠠᠨ ᠲᠠᠯᠠᠪᠠᠶ ᠳᠤ ᠣᠷᠣᠭᠤᠯᠬᠤ ᠣᠯᠠᠨ ᠨᠡᠶᠢᠲᠡ ᠶᠢᠨ ᠡᠬᠢ ᠪᠠᠶᠠᠯᠢᠭ ᠤᠨ | ᠠᠷᠠᠯᠵᠢᠶᠡᠨ ᠤ ᠲᠥᠷᠥᠯ ᠵᠦᠢᠯ ᠵᠢᠴᠢ ᠠᠷᠠᠯᠵᠢᠶᠠᠨ ᠤ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ᠂ ᠵᠦᠶ | ᠶᠣᠰᠣᠴᠢ ᠴᠢᠨᠠᠷ᠂ ᠲᠥᠪ ᠭᠤᠤᠯᠴᠢ ᠴᠢᠨᠠᠷ ᠢ ᠳᠠᠩᠰᠠᠯᠠᠬᠤ ᠪᠤᠶᠤ ᠬᠢᠨᠠᠨ ᠪᠠᠶᠢᠴᠠᠭᠠᠨ᠎ᠠ᠃ | 5. ᠲᠣᠰ ᠠᠵᠢᠯ ᠲᠥᠷᠥᠯ ᠤᠨ ᠲᠤᠰᠬᠠᠶ ᠮᠡᠷᠭᠡᠵᠢᠯᠲᠡᠨ ᠡᠯᠰᠡᠬᠦ᠂ ᠬᠢᠨᠠᠨ ᠬᠠᠷᠭᠤᠭᠤᠯᠬᠤ᠂ ᠬᠥᠮᠥᠷᠭᠡ ᠳᠤ | ᠣᠷᠣᠭᠤᠯᠬᠤ᠂ ᠪᠣᠯᠪᠠᠰᠤᠷᠠᠭᠤᠯᠬᠤ᠂ ᠬᠢᠨᠠᠨ ᠰᠢᠯᠭᠠᠬᠤ᠂ ᠢᠯᠭᠠᠷᠠᠭᠤᠯᠤᠨ ᠪᠤᠴᠠᠭᠠᠬᠤ ᠵᠡᠷᠭᠡ ᠬᠥᠳᠡᠯᠦᠩᠭᠦᠶ | ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | 6. ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠯᠦᠭᠡ ᠬᠤᠯᠪᠣᠭᠳᠠᠬᠤ ᠵᠠᠭᠠᠯᠳᠤᠯᠭ᠎ᠠ᠂ ᠭᠤᠮᠣᠳᠠᠯ | ᠲᠣᠭᠠᠴᠢᠯᠲᠠ᠂ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠶᠢᠨ ᠳᠤᠮᠳᠠᠬᠢ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠵᠦ᠂ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠠᠵᠢᠯᠯᠠᠭ᠎ᠠ ᠣᠯᠵᠤ ᠮᠡᠳᠡᠭᠰᠡᠨ ᠪᠠ ᠮᠡᠳᠡᠭᠦᠯᠦᠭᠰᠡᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠳᠡᠪᠬᠢᠲᠡᠶ ᠬᠠᠷᠢᠭᠤ ᠥᠭᠴᠦ᠂ ᠴᠠᠭ ᠲᠤᠬᠠᠶ ᠳᠤᠨᠢ | ᠰᠢᠢᠳᠪᠦᠷᠢᠯᠡᠬᠦ ᠬᠡᠷᠡᠭᠲᠡᠶ᠃ | 7᠂ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠬᠢᠨᠠᠨ ᠬᠠᠮᠢᠶᠠᠷᠬᠤ ᠶᠠᠪᠤᠳᠠᠯ᠃ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠡᠭᠡᠷ᠎ᠡ ᠳᠤᠷᠠᠳᠤᠭᠰᠠᠨ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢ ᠴᠢᠩᠭ᠎ᠠ ᠵᠢᠷᠤᠮᠯᠠᠨ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ | ᠨᠢᠭᠲᠠ ᠬᠠᠮᠵᠢᠯᠴᠠᠨ᠂ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠶᠢᠨ ᠬᠢᠨᠠᠯᠲᠠ ᠬᠠᠮᠢᠶᠠᠷᠤᠯᠲᠠ ᠶᠢᠨ | ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃ | ᠮᠡᠳᠡᠭᠡ ᠵᠠᠩᠭᠢ ᠶᠢᠨ ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ |