5 ᠰᠠᠷ᠎ᠠ ᠶᠢᠨ 14 ᠤ ᠡᠳᠦᠷ᠂ ᠮᠠᠨ ᠤ ᠬᠤᠰᠢᠭᠤᠨ ᠳᠤ ᠡᠯᠡᠰᠦᠨ ᠰᠢᠭᠤᠷᠭ᠎ᠠ ᠪᠤᠰᠴᠦ᠂ ᠬᠠᠷᠠᠭᠳᠠᠬᠤ ᠵᠠᠢ | ᠨᠢ ᠨᠡᠯᠢᠶᠡᠳ ᠦᠢᠷ᠎ᠡ ᠪᠠᠶᠢᠵᠤ᠂ ᠣᠯᠠᠨ ᠲᠦᠮᠡᠨ ᠤ ᠶᠠᠪᠤᠵᠤ ᠰᠠᠭᠤᠬᠤ ᠪᠠ ᠦᠢᠯᠡᠳᠪᠦᠷᠢᠯᠡᠯ ᠠᠮᠢᠳᠤᠷᠠᠯ ᠳᠤ | ᠲᠤᠶᠢᠯ ᠤᠨ ᠶᠡᠭᠡ ᠨᠥᠯᠥᠭᠡ ᠦᠵᠡᠭᠦᠯᠦᠭᠰᠡᠨ ᠪᠠᠶᠢᠨ᠎ᠠ᠃ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠵᠠᠮ | ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠷᠢᠶᠠᠲᠤ ᠣᠷᠣᠨ ᠤ ᠪᠠᠨ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠵᠠᠮ ᠬᠠᠷᠢᠯᠴᠠᠭ᠎ᠠ ᠶᠢ ᠬᠠᠮᠠᠭᠠᠯᠠᠨ ᠵᠢᠯᠤᠭᠤᠳᠬᠤ᠂ ᠠᠮᠤᠷ ᠲᠦᠪᠰᠢᠨ ᠢ ᠰᠠᠨᠠᠭᠤᠯᠬᠤ ᠵᠡᠷᠭᠡ | ᠠᠷᠭ᠎ᠠ ᠬᠡᠮᠵᠢᠶ᠎ᠡ ᠶᠢ ᠢᠳᠡᠪᠬᠢᠲᠡᠢ ᠠᠪᠴᠤ᠂ ᠴᠠᠭᠳᠠᠭᠠᠨ ᠤ ᠬᠦᠴᠦᠨ ᠢ ᠲᠣᠬᠢᠷᠠᠭᠤᠯᠤᠨ ᠵᠠᠮ ᠬᠠᠷᠢᠯᠴᠠᠭᠠᠨ ᠤ | ᠴᠠᠭᠳᠠᠨ ᠡᠵᠡᠮᠳᠡᠬᠦ ᠶᠢ ᠴᠢᠩᠭᠠᠳᠬᠠᠵᠤ᠂ ᠡᠯᠡᠰᠦᠨ ᠰᠢᠭᠤᠷᠭ᠎ᠠ ᠲᠠᠢ ᠡᠳᠦᠷ ᠤᠨ ᠵᠠᠮ ᠬᠠᠷᠢᠯᠴᠠᠭᠠᠨ ᠤ | ᠬᠠᠮᠢᠶᠠᠷᠤᠯᠲᠠ ᠶᠢᠨ ᠠᠵᠢᠯ ᠢ ᠢᠳᠡᠪᠬᠢᠲᠡᠢ ᠥᠷᠨᠢᠭᠦᠯᠪᠡ᠃ | ᠲᠤᠬᠠᠢ ᠶᠢᠨ ᠡᠳᠦᠷ ᠲᠤ᠂ ᠡᠵᠡᠨ᠎ᠡ ᠶᠢᠨ ᠴᠠᠭ ᠠᠭᠤᠷ ᠤᠨ ᠲᠣᠪᠴᠢᠶ᠎ᠠ ᠠᠴᠠ ᠡᠯᠡᠰᠦᠨ ᠰᠢᠭᠤᠷᠭ᠎ᠠ ᠶᠢᠨ | ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ᠂ ᠶᠡᠭᠡ ᠰᠠᠯᠬᠢᠨ ᠤ ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ ᠵᠡᠷᠭᠡ | 2 ᠴᠠᠭ ᠠᠭᠤᠷ ᠤᠨ ᠰᠡᠷᠡᠮᠵᠢ ᠶᠢᠨ ᠳᠣᠬᠢᠶ᠎ᠠ ᠶᠢ ᠨᠡᠶᠢᠲᠡᠯᠡᠪᠡ᠃ ᠬᠤᠰᠢᠭᠤᠨ ᠤ ᠣᠯᠠᠨ ᠭᠤᠣᠯᠳᠠᠯᠭ᠎ᠠ ᠲᠠᠢ ᠵᠠᠮ | ᠬᠠᠷᠢᠯᠴᠠᠭᠠᠨ ᠤ ᠠᠭᠤᠯᠵᠠᠷ ᠲᠤ᠂ ᠠᠷᠠᠳ ᠤᠨ ᠲᠤᠰᠠᠯᠠᠬᠤ ᠴᠠᠭᠳᠠᠭ᠎ᠠ ᠶᠢᠨ ᠬᠢᠨ ᠵᠢᠯᠣᠭᠤᠳᠤᠨ ᠤᠳᠤᠷᠢᠳᠴᠦ᠂ | ᠴᠠᠭᠳᠠᠨ ᠪᠠᠶᠢᠴᠠᠭᠠᠬᠤ ᠪᠠᠨ ᠴᠢᠩᠭᠠᠳᠬᠠᠬᠤ ᠶᠢᠨ ᠬᠠᠮᠲᠤ ᠵᠢᠯᠣᠭᠤᠴᠢ ᠶᠢ ᠪᠣᠯᠭᠤᠮᠵᠢᠲᠠᠢ ᠵᠢᠯᠤᠭᠤᠳᠴᠤ᠂ ᠠᠮᠤᠷ | ᠲᠦᠪᠰᠢᠨ ᠲᠡᠷᠭᠡᠨ ᠤ ᠵᠠᠢ ᠪᠠ ᠬᠤᠷᠳᠤᠴᠠ ᠪᠠᠨ ᠪᠠᠲᠤᠯᠠᠵᠤ᠂ ᠡᠯᠡᠰᠦᠨ ᠰᠢᠭᠤᠷᠭ᠎ᠠ ᠲᠠᠢ ᠡᠳᠦᠷ ᠤᠨ ᠵᠠᠮ | ᠬᠠᠷᠢᠯᠴᠠᠭᠠᠨ ᠤ ᠠᠳᠡᠯ ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠮᠡᠨ ᠰᠡᠷᠡᠮᠵᠢᠯᠡᠭᠦᠯᠦᠨ ᠰᠠᠨᠠᠭᠤᠯᠪᠠ᠃ | ᠰᠠᠯᠬᠢ ᠰᠢᠭᠤᠷᠭᠠᠨ ᠤ ᠳᠤᠮᠳᠠ᠂ ᠠᠷᠠᠳ ᠤᠨ ᠴᠠᠭᠳᠠᠭ᠎ᠠ ᠶᠢᠨ ᠲᠤᠰᠠᠯᠠᠬᠤ ᠴᠠᠭᠳᠠᠭ᠎ᠠ ᠰᠠᠭᠠᠳ ᠦᠭᠡᠢ | ᠨᠡᠪᠲᠡᠷᠡᠬᠦ ᠠᠵᠢᠯ ᠢ ᠰᠠᠶᠢᠲᠤᠷ ᠬᠢᠬᠦ ᠶᠢᠨ ᠬᠠᠮᠲᠤ᠂ ᠵᠠᠮ ᠤᠨ ᠭᠠᠳᠠᠷᠭᠤ ᠳᠤ ᠲᠠᠯᠪᠢᠭᠰᠠᠨ ᠱᠣᠷᠣᠯᠵᠢᠨ | ᠰᠠᠭᠤᠯᠠᠭ᠎ᠠ ᠶᠢ ᠴᠠᠭ ᠲᠤᠬᠠᠢ ᠳᠤᠨᠢ ᠲᠣᠬᠢᠷᠠᠭᠤᠯᠵᠤ᠂ ᠵᠢᠯᠣᠭᠤᠴᠢ ᠪᠠ ᠠᠶᠠᠨᠴᠢᠳ ᠤᠨ ᠬᠤᠷᠳᠤᠴᠠ ᠪᠠᠨ | ᠪᠠᠭᠤᠷᠠᠭᠤᠯᠬᠤ ᠪᠤᠶᠤ ᠵᠠᠮ ᠢᠶᠠᠨ ᠬᠤᠪᠢᠷᠠᠭᠤᠯᠬᠤ ᠶᠢ ᠰᠠᠨᠠᠭᠤᠯᠪᠠ᠃ ᠬᠡᠳᠦᠶᠢᠪᠡᠷ ᠰᠠᠯᠬᠢ ᠰᠢᠭᠤᠷᠭ᠎ᠠ ᠬᠦᠴᠦᠲᠡᠢ | ᠪᠠᠶᠢᠭᠰᠠᠨ ᠴᠤ᠂ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ ᠪᠠᠶᠢᠭ᠎ᠠ ᠠᠷᠠᠳ ᠤᠨ ᠴᠠᠭᠳᠠᠭ᠎ᠠ ᠪᠣᠯᠤᠨ | ᠲᠤᠰᠠᠯᠠᠬᠤ ᠴᠠᠭᠳᠠᠭ᠎ᠠ ᠶᠢᠨ ᠬᠢᠨ ᠡᠷᠡᠮᠡᠬᠡᠢ ᠬᠠᠲᠠᠭᠤ ᠵᠣᠷᠢᠭ ᠢᠶᠠᠷ ᠬᠠᠷᠢᠶ᠎ᠠ ᠣᠷᠣᠨ ᠤ ᠪᠠᠨ ᠵᠠᠮ ᠬᠠᠷᠢᠯᠴᠠᠭᠠᠨ ᠤ | ᠡᠮᠬᠢ ᠳᠢᠭᠯᠢᠮ ᠲᠣᠭᠲᠠᠭᠤᠨ ᠪᠠᠶᠢᠬᠤ ᠶᠢ ᠪᠠᠲᠤᠯᠠᠪᠠ᠃ | |