ᠠᠶᠢᠮᠠᠭ ᠬᠤᠰᠢᠭᠤ ᠬᠤᠯᠪᠤᠭᠠᠯᠠᠨ ᠨᠡᠶᠢᠭᠡᠮ ᠤᠨ ᠲᠠᠭᠠᠳᠬᠠᠯ ᠤᠨ ᠦᠢᠯᠡᠴᠢᠯᠡᠭᠡ ᠶᠢ ᠲᠦᠮᠡᠨ ᠡᠷᠦᠬᠡ ᠳᠤ ᠬᠦᠷᠭᠡᠵᠦ ᠠᠵᠢᠯ  ᠤᠨ ᠳᠤᠮᠳᠠᠬᠢ ᠭᠡᠮᠲᠦᠯ ᠢ ᠰᠡᠷᠭᠡᠶᠢᠯᠡᠬᠦ ᠵᠢᠴᠢ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠪᠤᠯᠪᠠᠰᠤᠷᠠᠯ ᠢ ᠥᠷᠨᠢᠭᠦᠯᠪᠡ
ᠨᠡᠶᠢᠲᠡᠯᠡᠭᠰᠡᠨ ᠴᠠᠭ᠄
2024/5/20
      5 ᠰᠠᠷ᠎ᠠ ᠶᠢᠨ 16᠎ ᠤ ᠡᠳᠦᠷ᠂ ᠠᠯᠠᠱᠠ ᠠᠶᠢᠮᠠᠭ ᠤᠨ ᠨᠡᠶᠢᠭᠡᠮ ᠤᠨ ᠳᠠᠭᠠᠳᠬᠠᠯ ᠤᠨ ᠲᠥᠪ ᠬᠢᠭᠡᠳ ᠮᠠᠨ ᠤ ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠲᠥᠪ ᠬᠠᠮᠲᠤᠷᠠᠨ ︽ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡ ᠶᠢ ᠲᠦᠮᠡᠨ ᠡᠷᠦᠬᠡ ᠳᠤ ᠬᠦᠷᠭᠡᠬᠦ ᠠᠵᠢᠯ ᠤᠨ ᠳᠤᠮᠳᠠᠬᠢ ᠭᠡᠮᠲᠦᠯ ᠢ ᠤᠷᠢᠳᠴᠢᠯᠠᠨ ᠰᠡᠷᠭᠡᠶᠢᠯᠡᠬᠦ ᠵᠢᠴᠢ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ︾ ᠪᠤᠯᠪᠠᠰᠤᠷᠠᠯ ᠢ ᠦᠷᠨᠢᠬᠦᠯᠪᠡ᠃ ᠨᠡᠶᠢᠲᠡ 90 ᠭᠠᠷᠤᠢ ᠠᠯᠪᠠᠨ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠮᠤᠷ ᠲᠦᠪᠰᠢᠨ ᠤ ᠬᠠᠮᠢᠶᠠᠷᠤᠯᠲᠠ ᠵᠢᠴᠢ ᠬᠠᠮᠢᠶ᠎ᠠ ᠪᠦᠬᠦᠢ ᠠᠵᠢᠯᠲᠠᠨ ᠪᠣᠯᠪᠠᠰᠤᠷᠠᠯ ᠳᠤ ᠣᠷᠣᠯᠴᠠᠵᠠᠢ᠃       ᠲᠣᠰ ᠤᠳᠠᠭᠠᠨ ᠤ ᠪᠤᠯᠪᠠᠰᠤᠷᠠᠯ ᠳᠤ ᠠᠯᠠᠱᠠ ᠠᠶᠢᠮᠠᠭ ᠤᠨ ᠨᠡᠶᠢᠭᠡᠮ ᠤᠨ ᠪᠠᠲᠤᠯᠠᠭ᠎ᠠ ᠶᠢᠨ ᠲᠥᠪ ᠵᠢᠴᠢ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠭᠠᠨ ᠤ ᠲᠣᠪᠴᠢᠶ᠎ᠠ ᠶᠢᠨ ᠡᠯ᠎ᠡ ᠰᠠᠯᠠᠭ᠎ᠠ ᠲᠠᠰᠤᠭ ᠤᠨ ᠲᠤᠬᠠᠶᠢᠯᠠᠭᠰᠠᠨ ᠠᠵᠢᠯ ᠤᠨ ᠭᠤᠤᠯ ᠠᠵᠢᠯᠳᠠᠨ ᠠᠴᠠ ᠬᠠᠮᠢᠶ᠎ᠠ ᠪᠦᠬᠦᠢ ᠲᠥᠷᠥ ᠶᠢᠨ ᠪᠤᠳᠤᠯᠭ᠎ᠠ ᠤᠨ ᠲᠤᠬᠠᠢ ᠲᠠᠶᠢᠯᠤᠮᠵᠢ ᠬᠢᠪᠡ᠃  ᠪᠤᠯᠪᠠᠰᠤᠷᠠᠯ ᠨᠢ᠂ ᠲᠤᠬᠠᠢ ᠶᠢᠨ ᠲᠠᠯᠠᠪᠤᠷ ᠲᠤ ᠬᠢᠴᠢᠶᠡᠯ ᠣᠷᠣᠬᠤ᠂ ᠬᠡᠷᠡᠭ ᠤᠨ ᠵᠢᠱᠢᠶ᠎ᠡ ᠶᠢ ᠵᠠᠳᠠᠯᠬᠤ᠂ ᠬᠠᠷᠢᠯᠴᠠᠨ ᠰᠣᠯᠢᠯᠴᠠᠬᠤ ᠵᠡᠷᠭᠡ ᠠᠷᠭ᠎ᠠ ᠮᠠᠶ᠋ᠢᠭ ᠢᠶᠠᠷ ᠠᠵᠢᠯ ᠤᠨ ᠳᠤᠮᠳᠠᠬᠢ ᠭᠡᠮᠲᠦᠯ ᠢ ᠮᠠᠭᠠᠳᠯᠠᠨ ᠲᠣᠭᠲᠠᠭᠠᠬᠤ᠂ ᠳᠠᠭᠠᠳᠬᠠᠯ ᠤᠨ ᠬᠠᠷᠠᠭᠠᠯᠵᠠᠯ᠂ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠨᠠᠷᠢᠯᠢᠭ ᠲᠠᠶᠢᠯᠪᠤᠷᠢᠯᠠᠵᠤ᠂ ᠪᠣᠯᠪᠠᠰᠤᠷᠠᠯ ᠳᠤ ᠣᠷᠣᠯᠴᠠᠭᠰᠠᠳ ᠠᠵᠢᠯ ᠤᠨ ᠳᠤᠮᠳᠠᠬᠢ ᠭᠡᠮᠲᠦᠯ ᠢ ᠤᠷᠢᠳᠴᠢᠯᠠᠨ ᠰᠡᠷᠭᠡᠶᠢᠯᠡᠬᠦ ᠵᠡᠷᠭᠡ ᠠᠵᠢᠯ ᠤᠨ ᠳᠤᠮᠳᠠ ᠢᠯᠡᠷᠡᠭᠰᠡᠨ ᠠᠰᠠᠭᠤᠳᠠᠯ ᠤᠨ ᠲᠤᠬᠠᠢ ᠬᠠᠷᠢᠭᠤᠯᠲᠠ ᠥᠭᠴᠦ᠂ ᠲᠤᠬᠠᠢ ᠶᠢᠨ ᠲᠠᠯᠠᠪᠤᠷ ᠤᠨ ᠰᠤᠷᠤᠯᠴᠠᠬᠤ ᠠᠭᠤᠷ ᠠᠮᠢᠰᠬᠤᠯ ᠬᠥᠭᠵᠢᠶᠡᠨᠲᠡᠢ ᠶᠠᠪᠤᠭᠳᠠᠭᠰᠠᠨ ᠪᠠᠶᠢᠨ᠎ᠠ᠃      ᠬᠤᠰᠢᠭᠤᠨ ᠤ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠴᠢᠦ ᠵᠧᠨ          ᠬᠠᠢ᠄ ︽ᠪᠣᠯᠪᠠᠰᠤᠷᠠᠯ ᠢᠶᠠᠷ ᠲᠠᠮᠵᠢᠨ ᠡᠯ᠎ᠡ ᠭᠠᠷᠲᠠᠨ ᠭᠦᠢᠴᠡᠳᠬᠡᠬᠦ ᠨᠢᠭᠡᠴᠡ ᠶᠢᠨ ᠭᠠᠷᠲᠠᠨ ᠭᠦᠢᠴᠡᠳᠬᠡᠬᠦ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠵᠢᠴᠢ ᠳᠠᠭᠠᠳᠬᠠᠯ ᠳᠤ ᠣᠷᠣᠯᠴᠠᠬᠤ ᠤᠬᠠᠮᠰᠠᠷ ᠢ ᠳᠡᠭᠡᠭᠰᠢᠯᠡᠭᠦᠯᠵᠦ᠂ ᠬᠥᠮᠥᠨ ᠬᠡᠷᠡᠭᠯᠡᠬᠦ ᠨᠢᠭᠡᠴᠡ ᠶᠢᠨ ᠬᠠᠤᠯᠢ ᠪᠠᠷ ᠲᠣᠭᠲᠠᠭᠠᠭᠰᠠᠨ ᠬᠥᠮᠥᠰ ᠤᠨ ᠪᠠᠲᠤᠯᠠᠬᠤ ᠶᠣᠰᠣᠲᠠᠢ ᠶᠢ ᠨᠢ ᠴᠥᠮ ᠪᠠᠲᠤᠯᠠᠬᠤ ᠠᠭᠤᠷ ᠠᠮᠢᠰᠬᠤᠯ ᠳᠤ ᠬᠦᠷᠦᠭᠦᠯᠦᠨ᠎ᠡ︾ ᠭᠡᠪᠡ᠃      ᠲᠤᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠡᠯ᠎ᠡ ᠬᠥᠮᠥᠨ ᠬᠡᠷᠡᠭᠯᠡᠬᠦ ᠨᠢᠭᠡᠴᠡ ᠶᠢᠨ ᠠᠵᠢᠯ ᠮᠡᠷᠭᠡᠵᠢᠯ ᠤᠨ ᠡᠷᠡᠭᠦᠯ ᠮᠡᠨᠳᠦ ᠶᠢᠨ ᠠᠵᠢᠯ ᠤᠨ ᠲᠤᠬᠠᠢ ᠲᠠᠨᠢᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠳᠤᠮᠳᠠᠬᠢ ᠭᠡᠮᠲᠦᠯ ᠢ ᠰᠡᠷᠭᠡᠶᠢᠯᠡᠬᠦ᠂ ᠳᠠᠭᠠᠳᠬᠠᠯ ᠵᠡᠷᠭᠡ ᠶᠢᠨ ᠮᠡᠳᠡᠯᠭᠡ ᠶᠢ ᠲᠦᠭᠡᠮᠡᠯᠵᠢᠬᠦᠯᠦᠨ᠂ ᠠᠯᠪᠠᠨ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠠᠵᠢᠯᠴᠢᠨ ᠤ ᠠᠵᠢᠯ ᠤᠨ ᠳᠤᠮᠳᠠᠬᠢ ᠭᠡᠮᠲᠦᠯ ᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠳᠤ ᠬᠦᠴᠦ ᠨᠡᠮᠡᠷᠢᠯᠡᠵᠦ᠂ ︽ᠬᠥᠮᠥᠨ ᠪᠣᠯᠭᠠᠨ ᠤᠷᠢᠳᠴᠢᠯᠠᠨ ᠰᠡᠷᠭᠡᠶᠢᠯᠡᠬᠦ ᠶᠢ ᠰᠤᠷᠴᠤ᠂ ᠬᠥᠮᠥᠨ ᠪᠣᠯᠭᠠᠨ ᠤᠷᠢᠳᠴᠢᠯᠠᠨ ᠰᠡᠷᠭᠡᠶᠢᠯᠡᠬᠦ ᠶᠢ ᠡᠷᠬᠢᠮᠯᠡᠬᠦ︾ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃      ᠠᠯᠠᠱᠠ ᠠᠶᠢᠮᠠᠭ ᠤᠨ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠹᠧᠩ ᠰᠢᠤᠸᠠᠢ ᠮᠧᠶ᠄ ︽ᠡᠨᠡ ᠤᠳᠠᠭᠠᠨ ᠤ ᠪᠣᠯᠪᠠᠰᠤᠷᠠᠯ ᠳᠤ ᠮᠠᠨ ᠤ ᠠᠯᠪᠠᠨ ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ᠂ ᠡᠳ᠋ ᠤᠨ ᠶᠠᠪᠤᠳᠠᠯ ᠤᠨ ᠠᠵᠢᠯᠲᠠᠨ᠂ ᠲᠤᠬᠠᠶᠢᠯᠠᠭᠰᠠᠨ ᠠᠵᠢᠯ ᠤᠨ ᠭᠠᠷᠲᠠᠨ ᠬᠢᠭᠴᠢ᠂ ᠰᠢᠨ᠎ᠡ ᠪᠠᠷ ᠠᠵᠢᠯ ᠣᠯᠵᠤ ᠪᠠᠶᠢᠭ᠎ᠠ ᠬᠦᠮᠦᠰ ᠪᠣᠯᠣᠨ᠎ᠠ᠂ ᠮᠠᠨ ᠤ ᠡᠨᠡ ᠠᠵᠤ ᠠᠬᠤᠶᠢᠯᠠᠯ ᠤᠨ ᠲᠥᠯᠥᠭᠡᠯᠡᠭᠴᠢ᠂  ᠪᠦᠯᠬᠦᠮ ᠤᠨ ᠬᠢ ᠪᠣᠯ ᠮᠠᠨ ᠤ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠰᠢᠭᠤᠳ ᠭᠠᠷᠲᠠᠨ ᠭᠦᠢᠴᠡᠳᠬᠡᠵᠦ ᠪᠠᠶᠢᠭ᠎ᠠ᠂ ᠰᠢᠭᠤᠳ ᠪᠣᠳᠠᠲᠠᠢ ᠬᠠᠷᠢᠭᠤᠴᠠᠯᠭ᠎ᠠ ᠲᠠᠢ ᠬᠥᠮᠥᠰ ᠪᠣᠯᠣᠨ᠎ᠠ᠃ ᠲᠡᠳᠡ ᠲᠥᠷᠥ ᠶᠢᠨ ᠪᠣᠳᠣᠯᠭ᠎ᠠ ᠶᠢ ᠤᠶᠢᠯᠠᠭᠠᠨ ᠡᠵᠡᠮᠰᠢᠵᠦ᠂ ᠮᠠᠨ ᠤ ᠨᠡᠶᠢᠭᠡᠮ ᠤᠨ ᠪᠠᠲᠤᠯᠠᠭ᠎ᠠ ᠶᠢᠨ ᠡᠳᠡᠭᠡᠷ ᠦᠢᠯᠡᠳᠪᠦᠷᠢ ᠬᠤᠳᠠᠯᠳᠤᠭᠠᠨ ᠤ ᠰᠡᠷᠭᠡᠶᠢᠯᠡᠯᠲᠡ ᠶᠢᠨ ᠱᠠᠭᠠᠷᠳᠠᠯᠭ᠎ᠠ ᠶᠢ ᠡᠵᠡᠮᠰᠢᠬᠦ ᠬᠡᠷᠡᠭᠲᠡᠢ᠂  ᠪᠢᠳᠡ ᠡᠶᠢᠮᠦ ᠨᠢᠭᠡ ᠵᠦᠢᠯ ᠤᠨ ᠲᠠᠶᠢᠯᠤᠮᠵᠢ ᠪᠠᠷ ᠳᠠᠮᠵᠢᠭᠤᠯᠤᠨ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡ ᠡᠳᠡᠭᠡᠷ ᠪᠦᠯᠬᠦᠮ ᠳᠤ ᠤᠷᠤᠵᠤ᠂ ᠮᠠᠨ ᠤ ᠦᠢᠯᠡᠳᠪᠦᠷᠢ ᠬᠤᠳᠠᠯᠳᠤᠭᠠᠨ ᠤ ᠰᠡᠷᠭᠡᠶᠢᠯᠡᠯᠲᠡ ᠶᠢᠨ ᠣᠶᠢᠯᠠᠭᠠᠭᠳᠠᠬᠤᠨ ᠢ ᠠᠵᠤ ᠠᠬᠤᠶᠢᠯᠠᠯ᠂ ᠪᠠᠶᠢᠭᠤᠯᠤᠯᠭ᠎ᠠ ᠳᠤ ᠬᠦᠷᠭᠡᠨ᠂ ᠬᠡᠷᠡᠭᠴᠡᠭᠡ ᠲᠠᠢ ᠬᠥᠮᠥᠰ ᠲᠤ ᠬᠦᠷᠭᠡᠵᠦ ᠴᠢᠳᠠᠨ᠎ᠠ ᠭᠡᠳᠡᠭ ᠢ ᠢᠲᠡᠭᠡᠵᠦ ᠪᠠᠶᠢᠭ᠎ᠠ ᠶᠤᠮ︾ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号