ᠰᠤᠪᠨᠠᠭᠤᠷ ᠨᠡᠶᠢᠬᠡᠮ ᠲᠤᠭᠤᠷᠢᠭ ᠤᠨ ᠬᠢᠨ ︽ᠱᠦᠵᠢ ᠲᠠᠢ ᠲᠤᠳᠤᠨᠤᠰᠤᠭ ᠢᠶᠠᠷ ᠶᠠᠷᠢᠯᠴᠠᠬᠤ︾ ᠠᠵᠢᠯᠯᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/5/20
      ᠤᠶᠢᠷ᠎ᠠ ᠎ ᠶᠢᠨ ᠡᠳᠤᠷ᠂  ᠰᠤᠪᠨᠠᠭᠤᠷ ᠨᠡᠶᠢᠬᠡᠮ ᠲᠤᠭᠤᠷᠢᠭ ᠤᠨ ᠬᠢᠨ ︽ᠱᠦᠵᠢ ᠲᠠᠢ ᠲᠤᠳᠤᠨᠤᠰᠤᠭ ᠢᠶᠠᠷ ᠶᠠᠷᠢᠯᠴᠠᠬᠤ︾ ᠠᠵᠢᠯᠯᠭ᠎ᠠ ᠦᠷᠨᠢᠬᠦᠯᠪᠡ᠃      ᠰᠤᠪᠨᠠᠭᠤᠷ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠭᠥᠸᠧ ᠾᠦᠢ ᠯᠢᠩ ᠡᠳᠡᠭᠡᠷ ᠵᠢᠯ ᠤᠳ ᠲᠤ ᠲᠡᠷᠭᠡᠨ ᠠᠳᠡᠯ ᠠᠴᠠ ᠪᠣᠯᠵᠤ ᠵᠡᠮᠳᠡᠭ ᠪᠣᠯᠤᠭᠰᠠᠨ ᠭᠡᠷ ᠤᠨ ᠬᠦᠮᠦᠨ ᠢᠶᠠᠨ ᠭᠠᠭᠴᠠᠭᠠᠷ ᠢᠶᠠᠨ ᠬᠠᠷᠠᠭᠠᠯᠵᠠᠨ᠂ ᠠᠮᠢᠳᠤᠷᠠᠯ ᠨᠢ ᠲᠤᠶᠢᠯ ᠤᠨ ᠬᠦᠴᠢᠷᠲᠡᠢ ᠪᠠᠶᠢᠵᠤ᠂ ᠨᠡᠶᠢᠭᠡᠮ ᠲᠣᠭᠤᠷᠢᠭ ᠠᠴᠠ ᠲᠡᠭᠦᠨ ᠳᠤ ᠨᠡᠩ ᠤᠯᠠᠨ ᠠᠮᠢᠳᠤᠷᠠᠯ ᠤᠨ ᠲᠠᠯ᠎ᠠ ᠪᠠᠷ ᠬᠠᠪᠰᠤᠷᠤᠯᠭ᠎ᠠ ᠦᠵᠡᠭᠦᠯᠬᠦ ᠶᠢ ᠬᠦᠰᠡᠮᠵᠢᠯᠡᠵᠤ᠂ ᠲᠡᠷᠡ ᠮᠠᠨᠢ ᠠᠯᠢ ᠡᠷᠳᠡ ︽ᠱᠦᠵᠢ ᠎ ᠲᠠᠢ ᠲᠤᠳᠤᠰᠤᠨᠤᠭ ᠢᠶᠠᠷ ᠶᠠᠷᠢᠯᠴᠠᠬᠤ︾ ᠠᠵᠢᠯᠯᠭᠠᠨ ᠤ ᠠᠬᠤᠢ ᠲᠠᠯᠠᠪᠠᠢ ᠳᠤ ᠢᠷᠡᠭᠰᠡᠨ ᠨᠢ ᠡᠨᠡ ᠪᠢᠯᠡ᠃      ᠰᠤᠪᠨᠠᠭᠤᠷ ᠨᠡᠶᠢᠬᠡᠮ ᠲᠤᠭᠤᠷᠢᠭ ᠤᠨ ᠰᠠᠭᠤᠭᠠᠯᠢ ᠠᠷᠠᠳ ᠭᠥᠸᠧ ᠾᠦᠢ ᠯᠢᠩ᠄ ︽ᠡᠨᠡ ᠬᠦ ︿ᠱᠦᠵᠢ ᠎ ᠲᠠᠢ ᠲᠤᠳᠤᠰᠤᠨᠤᠭ ᠢᠶᠠᠷ ᠶᠠᠷᠢᠯᠴᠠᠬᠤ︾ ᠠᠵᠢᠯᠯᠠᠭ᠎ᠠ ᠶᠡᠭᠡ ᠶᠠᠪᠤᠭᠳᠠᠵᠤ ᠪᠠᠶᠢᠨ᠎ᠠ᠂ ᠪᠣᠣ ᠶᠢᠨ ᠰᠢᠦ ᠶᠢᠨ ᠡᠮ ᠤᠤᠭᠤᠳᠠᠭ᠂ ᠪᠠᠶᠢᠩᠭᠤ ᠲᠠᠲᠠᠷᠠᠯᠳᠤᠳᠠᠭ ᠨᠢ ᠤᠤᠯ ᠠᠴᠠ ᠪᠠᠨ ᠤᠯᠠᠳᠠᠭᠰᠠᠨ᠂ ᠲᠡᠷᠢᠭᠦᠨ ᠬᠡᠳᠦᠨ ᠡᠳᠦᠷ ᠪᠠᠰᠠ ᠬᠤᠰᠢᠭᠤᠨ ᠤ ᠡᠮᠨᠡᠯᠭᠡ ᠳᠤ ᠬᠦᠷᠭᠡᠭᠰᠡᠨ᠂ ᠶᠠᠭ ᠡᠶᠢᠮᠦᠷᠬᠦᠤ ᠬᠦᠴᠢᠷᠳᠡᠯᠲᠡᠢ ᠪᠠᠶᠢᠳᠠᠯ ᠢ ᠴᠠᠭ ᠲᠤᠬᠠᠢ ᠳᠤᠨᠢ ᠠᠰᠠᠭᠤᠳᠠᠯ ᠪᠤᠯᠭᠠᠨ ᠳᠤᠷᠠᠳᠬᠤ ᠳᠤ ᠲᠡᠳᠡ ᠶᠡᠭᠡ ᠰᠠᠶᠢᠬᠠᠨ ᠰᠢᠢᠳᠪᠦᠷᠢᠯᠡᠵᠦ ᠦᠭᠴᠦ ᠪᠠᠶᠢᠨ᠎ᠠ︾ ᠭᠡᠪᠡ᠃      ᠲᠡᠳᠡᠨ ᠤ ᠳᠣᠲᠣᠷ᠎ᠠ ᠨᠡᠶᠢᠭᠡᠮ ᠲᠣᠭᠤᠷᠢᠭ ᠤᠨ ᠡᠩ ᠤᠨ ᠣᠯᠠᠨ ᠲᠦᠮᠡᠨ ᠪᠠᠶᠢᠬᠤ ᠪᠠᠷ ᠪᠠᠷᠠᠬᠤ ᠦᠭᠡᠢ ᠪᠠᠰᠠ ᠣᠷᠣᠯᠭ᠎ᠠ ᠪᠠᠭᠠᠲᠠᠢ ᠭᠡᠷ ᠪᠦᠯᠢ᠂ ᠣᠨᠴᠠᠭᠠᠶ ᠭᠡᠷ ᠪᠦᠯᠢ ᠵᠡᠷᠭᠡ ᠪᠣᠶ᠂ ᠲᠣᠰ ᠲᠣᠰ ᠤᠨ ᠣᠷᠣᠰᠢᠵᠤ ᠪᠠᠶᠢᠭ᠎ᠠ ᠬᠦᠴᠢᠷᠳᠡᠯ ᠢᠶᠠᠨ ᠦᠨᠳᠦᠰᠦᠯᠡᠨ᠂ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠵᠡᠷᠭᠡ ᠲᠠᠯ᠎ᠠ ᠶᠢᠨ ᠬᠤᠯᠪᠣᠭᠳᠠᠯ ᠪᠦᠬᠦᠢ ᠠᠰᠠᠭᠤᠳᠠᠯ ᠪᠠ ᠱᠠᠭᠠᠷᠳᠠᠯᠭ᠎ᠠ ᠪᠠᠨ ᠳᠤᠷᠠᠳᠴᠤ᠂ ᠠᠵᠢᠯᠲᠠᠳ ᠡᠲᠡᠭᠡᠷ ᠠᠰᠠᠭᠤᠳᠠᠯ ᠢ ᠡᠮᠬᠢᠯᠡᠨ ᠬᠤᠷᠢᠶᠠᠩᠭᠤᠶᠢᠯᠠᠭᠰᠠᠨ ᠤ ᠳᠠᠷᠠᠭ᠎ᠠ᠂ ᠨᠡᠶᠢᠭᠡᠮ ᠲᠣᠭᠤᠷᠢᠭ ᠠᠴᠠ ᠲᠦᠷᠦᠭᠦᠯᠡᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠳᠤᠪᠡᠷ ᠰᠤᠳᠤᠯᠵᠤ᠂ ᠪᠣᠳᠠᠲᠠᠢ ᠬᠠᠪᠰᠤᠷᠤᠨ ᠲᠡᠳᠬᠦᠬᠦ ᠰᠢᠢᠳᠪᠦᠷᠢᠯᠡᠬᠦ ᠲᠥᠰᠥᠯ ᠢ ᠳᠤᠷᠠᠳᠤᠨ ᠭᠠᠷᠭᠠᠬᠤ ᠪᠤᠯᠤᠨ᠎ᠠ᠃       ᠰᠤᠪᠨᠠᠭᠤᠷ ᠨᠡᠶᠢᠬᠡᠮ ᠲᠤᠭᠤᠷᠢᠭ ᠤᠨ ᠨᠠᠮ ᠤᠨ ᠡᠭᠦᠷ ᠤᠨ ᠳᠡᠳ᠋ ᠱᠦᠵᠢ ᠸᠠᠩ ᠬᠤᠩ ᠶᠠᠨ᠄ ︽ᠡᠨᠡᠬᠦ ᠠᠵᠢᠯᠯᠠᠭ᠎ᠠ ᠪᠠᠷ ᠳᠠᠮᠵᠢᠭᠤᠯᠤᠨ ᠲᠡᠳᠡᠨ ᠤ ᠠᠮᠢᠳᠤᠷᠠᠯ ᠤᠨ ᠳᠤᠮᠳᠠᠬᠢ ᠬᠦᠴᠢᠷᠳᠡᠯ ᠪᠣᠯᠣᠨ ᠠᠰᠠᠭᠤᠳᠠᠯ ᠢ ᠨᠡᠩ ᠨᠠᠷᠢᠨ ᠣᠶᠢᠯᠠᠭᠠᠵᠤ᠂ ᠡᠳᠡᠭᠡᠷ ᠠᠰᠠᠭᠤᠳᠠᠯ ᠳᠤ ᠴᠢᠭᠯᠡᠭᠦᠯᠦᠨ ᠨᠡᠶᠢᠭᠡᠮ ᠲᠣᠭᠤᠷᠢᠭ ᠤᠨ ᠬᠢᠨ ᠨᠡᠩ ᠬᠠᠨᠳᠤᠯᠭᠠᠲᠤ ᠴᠢᠨᠠᠷᠲᠠᠢ ᠪᠠᠷ ᠬᠠᠪᠰᠤᠷᠤᠨ ᠲᠡᠳᠬᠦᠬᠦ ᠪᠠᠷ ᠴᠢᠷᠮᠠᠶᠢᠨ ᠠᠵᠢᠯᠯᠠᠨ᠎ᠠ︾ ᠭᠡᠪᠡ᠃      ᠣᠶᠢᠯᠠᠭᠠᠭᠰᠠᠨ ᠢᠶᠠᠷ᠂ ︽ᠱᠦᠵᠢ ᠲᠠᠢ ᠲᠤᠳᠤᠨᠤᠰᠤᠭ ᠢᠶᠠᠷ ᠶᠠᠷᠢᠯᠴᠠᠬᠤ︾ ᠲᠠᠪᠴᠠᠩ ᠢ ᠪᠠᠶᠢᠭᠤᠯᠤᠭᠰᠠᠨ ᠎ ᠠᠴᠠ ᠨᠠᠰᠢ ᠤᠷᠢᠳ ᠬᠤᠵᠢᠳ 11 ᠤᠳᠠᠭ᠎ᠠ ᠲᠤᠰ ᠠᠵᠢᠯᠯᠭ᠎ᠠ ᠶᠢ ᠦᠷᠨᠢᠬᠦᠯᠵᠤ᠂ ᠣᠯᠠᠨ ᠰᠠᠯᠠᠭ᠎ᠠ ᠮᠥᠴᠢᠷ ᠎ ᠢ ᠵᠣᠬᠢᠴᠠᠭᠤᠯᠵᠤ ᠪᠠᠶᠢᠭᠠᠳ 3000 ᠭᠠᠷᠤᠢ ᠣᠯᠠᠨ ᠲᠦᠮᠡᠨ ᠢ ᠬᠠᠪᠰᠤᠷᠤᠨ ᠡᠮ ᠡᠮᠨᠡᠯᠭᠡ᠂ ᠰᠤᠷᠭᠠᠨ ᠬᠥᠮᠦᠵᠢᠯ᠂ ᠶᠠᠪᠤᠵᠤ ᠰᠠᠭᠤᠬᠤ ᠵᠡᠷᠭᠡ ᠠᠷᠠᠳ ᠤᠨ ᠠᠮᠢᠳᠤᠷᠠᠯ ᠤᠨ ᠲᠠᠯ᠎ᠠ ᠪᠠᠷ ᠬᠢ ᠰᠠᠨᠠᠯ ᠱᠠᠭᠠᠷᠳᠠᠯᠭ᠎ᠠ ᠶᠢ ᠨᠢ ᠰᠢᠢᠳᠪᠦᠷᠢᠯᠡᠨ ᠥᠭᠴᠦ᠂ ᠨᠡᠶᠢᠲᠡ 30 ᠲᠦᠮᠡᠨ ᠲᠥᠭᠦᠷᠢᠭ ᠰᠢᠬᠠᠮ ᠵᠠᠷᠤᠴᠠᠭᠤᠯᠵᠠᠢ᠃       ︽ᠱᠦᠵᠢ ᠲᠠᠢ ᠲᠤᠳᠤᠨᠤᠰᠤᠭ ᠢᠶᠠᠷ ᠶᠠᠷᠢᠯᠴᠠᠬᠤ︾ ᠠᠵᠢᠯᠯᠠᠭ᠎ᠠ ᠨᠢ ᠠᠷᠠᠳ ᠤᠨ ᠰᠠᠨᠠᠭ᠎ᠠ ᠶᠢ ᠲᠦᠷ ᠴᠠᠭ ᠰᠣᠨᠣᠰᠬᠤ ᠠᠵᠢᠯᠯᠠᠭ᠎ᠠ ᠶᠢᠨ ᠲᠠᠯᠠᠪᠤᠷ ᠪᠢᠰᠢ᠂ ᠬᠠᠷᠢᠨ ᠲᠣᠰ ᠨᠡᠶᠢᠭᠡᠮ ᠲᠣᠭᠤᠷᠢᠭ ᠤᠨ ᠣᠷᠳᠣ ᠬᠤᠭᠤᠴᠠᠭᠠᠨ ᠤ ᠲᠤᠷᠰᠢ ᠠᠷᠠᠳ ᠤᠨ ᠲᠥᠯᠥᠭᠡ ᠠᠵᠢᠯ ᠶᠠᠪᠤᠳᠠᠯ ᠬᠢᠬᠦ ᠠᠵᠢᠯ ᠤᠨ ᠬᠡᠪ ᠵᠠᠭᠪᠤᠷ ᠮᠥᠨ᠂ ᠮᠦᠨᠴᠦ ᠨᠡᠶᠢᠭᠡᠮ ᠲᠣᠭᠤᠷᠢᠭ ᠤᠨ ᠰᠢᠨ᠎ᠡ ᠶᠢ ᠡᠭᠦᠳᠬᠦ ᠵᠠᠰᠠᠯᠲᠠ ᠶᠢ ᠲᠦᠯᠬᠢᠨ ᠠᠬᠢᠭᠤᠯᠬᠤ ᠵᠠᠮ ᠳᠡᠭᠡᠷᠡᠬᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠰᠠᠭᠤᠷᠢ ᠥᠩᠭᠡ ᠶᠢ ᠨᠡᠮᠡᠷᠢᠯᠡᠭᠰᠡᠨ ᠪᠠᠶᠢᠨ᠎ᠠ᠃ ᠰᠤᠪᠨᠠᠭᠤᠷ ᠨᠡᠶᠢᠭᠡᠮ ᠲᠣᠭᠤᠷᠢᠭ ᠤᠨ         ᠎ ᠬᠢᠨ ︽ᠱᠦᠵᠢ ᠲᠠᠢ ᠲᠤᠳᠤᠨᠤᠰᠤᠭ ᠢᠶᠠᠷ ᠶᠠᠷᠢᠯᠴᠠᠬᠤ︾ ᠠᠵᠢᠯᠯᠠᠭ᠎ᠠ ᠶᠢ ᠰᠠᠶᠢᠲᠤᠷ ᠠᠰᠢᠭᠯᠠᠵᠤ᠂ ᠦᠨᠡᠨᠴᠢ ᠢᠲᠡᠭᠡᠮᠵᠢ ᠶᠢ ᠡᠷᠬᠢᠮᠯᠡᠬᠦ᠂ ᠢᠲᠡᠭᠡᠮᠵᠢ ᠶᠢ ᠰᠠᠬᠢᠬᠤ ᠠᠭᠤᠷ ᠠᠮᠢᠰᠬᠤᠯ ᠢ ᠦᠷᠭᠦᠯᠵᠢᠯᠡᠨ ᠪᠤᠢ ᠪᠣᠯᠭᠠᠵᠤ᠂ ᠠᠮᠠᠯᠠᠭᠰᠠᠨ ᠶᠠᠪᠤᠳᠠᠯ ᠢᠶᠠᠨ ᠰᠠᠶᠢᠲᠤᠷ ᠬᠢᠨ᠂ ᠴᠠᠭᠠᠰᠤᠨ ᠳᠡᠭᠡᠷᠡᠬᠢ ᠠᠰᠠᠭᠤᠳᠠᠯ ᠢ ᠪᠣᠳᠠᠲᠠᠢ ᠰᠢᠢᠳᠪᠦᠷᠢᠯᠡᠵᠦ᠂ ᠨᠡᠶᠢᠭᠡᠮ ᠲᠣᠭᠤᠷᠢᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠵᠠᠰᠠᠯᠲᠠ ᠲᠠᠢ ᠠᠭᠤᠰᠤᠯᠴᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠦᠨᠡᠨᠴᠢ ᠢᠲᠡᠭᠡᠮᠵᠢ ᠎ ᠲᠠᠢ ᠪᠠᠶᠢᠬᠤ ᠶᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号