ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠢ ᠵᠠᠰᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2024/5/21
ᠡᠯ᠎ᠡ ᠰᠤᠮᠤ ᠪᠠᠯᠭᠠᠰᠤ᠂ ᠬᠤᠰᠢᠭᠤ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠬᠡᠷ᠂ ᠲᠣᠪᠴᠢᠶ᠎ᠠ ᠵᠢᠴᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄    ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠪᠣᠬᠢᠷᠲᠤᠯ ᠦᠭᠡᠢ ᠬᠥᠭᠵᠢᠯᠲᠡ ᠶᠢᠨ ᠤᠷᠢᠶᠠᠯᠠᠭ᠎ᠠ ᠶᠢ ᠢᠳᠡᠪᠬᠢᠲᠡᠢ ᠴᠤᠤᠷᠢᠶᠠᠲᠤᠨ ᠳᠠᠭᠠᠵᠤ᠂ ᠲᠠᠷᠢᠶᠠᠯᠠᠩ ᠤᠨ ᠠᠮᠢ ᠠᠬᠤᠢ ᠶᠢᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠠᠶᠢᠵᠢᠷᠠᠭᠤᠯᠬᠤ ᠶᠢᠨ ᠲᠥᠯᠥᠭᠡ ︽ᠡᠬᠢ ᠡᠭᠦᠰᠦᠯ ᠠᠴᠠ ᠨᠢ ᠰᠡᠷᠭᠡᠶᠢᠯᠡᠬᠦ᠂ ᠶᠠᠪᠤᠴᠠ ᠶᠢ ᠡᠵᠡᠮᠳᠡᠬᠦ᠂ ᠲᠡᠭᠦᠰᠭᠡᠯ ᠤᠨ ᠦᠶ᠎ᠡ ᠳᠤ ᠨᠢ ᠵᠠᠰᠠᠬᠤ︾ ᠰᠡᠳᠬᠢᠴᠡ ᠶᠣᠰᠣᠭᠠᠷ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠬᠤ ᠪᠠ ᠬᠢᠨᠠᠯᠲᠠ ᠲᠠᠯᠪᠢᠵᠤ ᠵᠢᠯᠣᠭᠤᠳᠬᠤ ᠶᠢ ᠴᠢᠨᠠᠭᠰᠢᠳᠠ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠨ ᠰᠠᠶᠢᠵᠢᠷᠠᠭᠤᠯᠵᠤ᠂ ᠲᠠᠷᠢᠶᠠᠯᠠᠩ ᠤᠨ ᠪᠦᠬᠦ ᠲᠠᠯ᠎ᠠ ᠪᠠᠷ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠭᠰᠠᠨ ᠦᠷ᠎ᠡ ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠠᠬᠤᠶ ᠶᠢ ᠪᠣᠬᠢᠷᠲᠤᠭᠤᠯᠬᠤ ᠶᠢ ᠰᠡᠷᠭᠡᠶᠢᠯᠡᠨ ᠵᠠᠰᠠᠬᠤ ᠬᠠᠤᠯᠢ︾ ︽ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠲᠠᠷᠢᠶᠠᠯᠠᠩ ᠤᠨ ᠣᠯᠠᠨ ᠡᠬᠢᠳᠤ ᠪᠣᠬᠢᠷᠲᠤᠯ ᠢ ᠵᠠᠰᠠᠬᠤ ᠬᠠᠮᠢᠶ᠎ᠠ ᠪᠥᠬᠦᠶ ᠱᠠᠭᠠᠷᠳᠠᠯᠭ᠎ᠠ ᠶᠢ ᠳᠣᠤᠷᠠᠬᠢ ᠮᠡᠲᠦ ᠮᠡᠳᠡᠭᠳᠡᠪᠡ᠃    ᠨᠢᠭᠡ᠂ ᠪᠣᠬᠢᠷᠲᠤᠯ ᠥᠬᠡᠶ ᠲᠠᠷᠢᠶᠠᠨ ᠭᠠᠵᠠᠷ ᠤᠨ ᠪᠦᠷᠭᠦᠪᠴᠢ ᠶᠢᠨ ᠬᠡᠷᠡᠭᠯᠡᠯᠲᠡ ᠶᠢ ᠪᠥᠬᠦ ᠬᠦᠴᠦᠨ ᠢᠶᠠᠷ ᠢᠶᠠᠨ ᠳᠡᠯᠭᠡᠷᠡᠭᠦᠯᠦᠨ᠎ᠡ    ︵ᠨᠢᠭᠡ︶ ᠪᠥᠬᠦ ᠬᠤᠰᠢᠭᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠬᠦᠷᠢᠶᠡᠨ ᠳᠤ ᠵᠤᠵᠠᠭᠠᠨ ᠤ ᠬᠡᠮᠵᠢᠶ᠎ᠡ ᠎ ᠨᠢ ᠪᠠᠷᠢᠮᠵᠢᠶ᠎ᠠ ᠳᠤ ᠬᠦᠷᠦᠭᠰᠡᠨ ᠪᠥᠭᠡᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠷᠢᠮᠵᠢᠶ᠎ᠠ ᠳᠤ ᠨᠡᠶᠢᠴᠡᠭᠰᠡᠨ ᠰᠦᠯᠢᠶᠣᠣ ᠪᠦᠷᠬᠦᠪᠴᠢ ᠶᠢ ᠥᠷᠭᠡᠨ ᠢᠶᠠᠷ ᠬᠡᠷᠡᠭᠯᠡᠬᠦ ᠬᠡᠷᠡᠭᠲᠡᠶ᠃ ᠡᠯ᠎ᠡ ᠰᠤᠮᠤ ᠪᠠᠯᠭᠠᠰᠤ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠥᠨᠳᠥᠷ ᠬᠦᠴᠦᠯᠡᠴᠡ ᠲᠠᠢ ᠵᠤᠵᠠᠭᠠᠨ ᠰᠦᠯᠢᠶᠣᠣ ᠪᠦᠷᠬᠦᠪᠴᠢ ᠪᠠ ᠰᠢᠨ᠎ᠡ ᠬᠡᠯᠪᠡᠷᠢ ᠶᠢᠨ ᠵᠠᠳᠠᠷᠠᠵᠤ ᠪᠣᠯᠬᠤ ᠰᠦᠯᠢᠶᠣᠣ ᠪᠦᠷᠬᠦᠪᠴᠢ ᠶᠢᠨ ᠬᠡᠷᠡᠭᠯᠡᠯᠲᠡ ᠶᠢᠨ ᠤᠬᠠᠭᠤᠯᠭ᠎ᠠ᠂ ᠵᠢᠯᠣᠭᠤᠳᠣᠯᠭ᠎ᠠ ᠪᠠ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠥᠷᠭᠡᠨ ᠣᠯᠠᠨ ᠲᠠᠷᠢᠶᠠᠴᠢᠨ ᠢ ᠬᠥᠲᠥᠯᠦᠨ ᠵᠢᠯᠣᠭᠤᠳᠴᠤ ᠪᠠᠶᠢᠭᠠᠳ ᠢᠳᠡᠪᠬᠢᠲᠡᠶ ᠣᠷᠣᠯᠴᠠᠭᠤᠯᠵᠤ᠂ ᠲᠠᠷᠢᠶᠠᠨ ᠭᠠᠵᠠᠷ ᠤᠨ ᠪᠦᠷᠭᠦᠪᠴᠢ ᠤᠨ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃    ︵ᠬᠤᠶᠠᠷ︶ PVC ᠮᠠᠲ᠋ᠧᠷᠢᠶᠠᠯ ᠤᠨ ᠲᠠᠯᠪᠢᠭᠤᠷ ᠨᠢ ᠠᠮᠠᠷᠬᠠᠨ ᠵᠠᠳᠠᠷᠠᠬᠤ ᠦᠭᠡᠢ᠂ ᠬᠦᠨᠳᠦ ᠨᠣᠴᠢᠲᠠᠶ ᠣᠷᠴᠢᠨ ᠲᠣᠭᠤᠷᠢᠨ ᠤ ᠪᠣᠬᠢᠷᠲᠤᠯ ᠤᠨ ᠳᠠᠯᠳᠠ ᠭᠡᠮ ᠣᠷᠣᠰᠢᠵᠤ ᠪᠠᠶᠢᠬᠤ ᠣᠴᠢᠷ ᠠᠴᠠ᠂ ᠪᠦᠬᠦ ᠬᠤᠰᠢᠭᠤᠨ ᠤ ᠬᠡᠪᠴᠢᠶᠡᠨ ᠳᠤ PVC ᠮᠠᠲ᠋ᠧᠷᠢᠶᠠᠯ ᠤᠨ ᠬᠡᠮᠬᠡ ᠶᠢᠨ ᠲᠠᠯᠪᠢᠭᠤᠷ ᠢ ᠦᠢᠯᠡᠳᠪᠦᠷᠢᠯᠡᠬᠦ᠂ ᠪᠣᠷᠣᠯᠠᠭᠤᠯᠬᠤ ᠪᠠ ᠬᠡᠷᠡᠭᠯᠡᠬᠦ ᠶᠢ ᠴᠠᠭᠠᠵᠠᠯᠠᠵᠤ᠂ ᠡᠭᠡᠭᠦᠯᠦᠨ ᠬᠤᠷᠢᠶᠠᠵᠤ ᠪᠣᠯᠬᠤ ᠪᠤᠶᠤ ᠠᠮᠢᠳᠤ ᠪᠣᠳᠠᠰ ᠤᠨ ᠵᠠᠳᠠᠷᠠᠵᠤ ᠪᠣᠯᠬᠤ ᠮᠠᠲ᠋ᠧᠷᠢᠶᠠᠯ ᠢ ᠬᠡᠷᠡᠭᠯᠡᠬᠦ ᠶᠢ ᠶᠡᠬᠡᠪᠡᠷ ᠰᠠᠨᠠᠭᠠᠴᠢᠯᠠᠬᠤ ᠶᠢᠨ ᠬᠠᠮᠲᠤ PE ᠮᠠᠲ᠋ᠧᠷᠢᠶᠠᠯ ᠤᠨ ᠡᠳ᠋ ᠢ ᠬᠡᠷᠡᠭᠯᠡᠬᠦ ᠶᠢ ᠪᠥᠬᠦ ᠲᠠᠯ᠎ᠠ ᠪᠠᠷ ᠳᠡᠯᠭᠡᠷᠡᠭᠦᠯᠦᠨ᠎ᠡ᠃    ᠬᠤᠶᠠᠷ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠭᠡᠭᠦᠯᠦᠨ ᠬᠤᠷᠢᠶᠠᠬᠤ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠢᠳᠡᠪᠬᠢᠲᠡᠶ ᠪᠠᠷ ᠲᠦᠯᠬᠢᠨ ᠠᠬᠢᠭᠤᠯᠤᠨ᠎ᠠ    ︵ᠨᠢᠭᠡ︶ ᠥᠷᠭᠡᠨ ᠣᠯᠠᠨ ᠮᠠᠯᠴᠢᠨ ᠲᠠᠷᠢᠶᠠᠴᠢᠨ ᠲᠠᠷᠢᠶᠠᠯᠠᠩ ᠤᠨ ᠦᠢᠯᠡᠳᠪᠦᠷᠢᠯᠡᠯ ᠤᠨ ᠴᠢᠬᠤᠯᠠ ᠬᠦᠴᠦᠨ ᠵᠦᠢᠯ ᠪᠣᠯᠤᠭᠰᠠᠨ ᠤ ᠬᠤᠪᠢ ᠳᠤ᠂ ᠤᠯᠤᠰ ᠪᠤᠶᠤ ᠣᠷᠣᠨ ᠨᠤᠲᠤᠭ ᠤᠨ ᠪᠠᠷᠢᠮᠵᠢᠶ᠎ᠠ ᠳᠤ ᠨᠡᠶᠢᠴᠡᠭᠰᠡᠨ ᠵᠠᠳᠠᠷᠠᠵᠤ ᠪᠣᠯᠬᠤ ᠪᠤᠶᠤ ᠬᠤᠷᠢᠶᠠᠨ ᠠᠪᠬᠤ ᠳᠤ ᠠᠮᠠᠷᠬᠠᠨ ᠮᠠᠲ᠋ᠧᠷᠢᠶᠠᠯ ᠢ ᠢᠳᠡᠪᠬᠢᠲᠡᠶ ᠰᠠᠨᠠᠭᠠᠴᠢᠯᠠᠭ᠎ᠠ ᠠᠴᠠ ᠪᠠᠨ ᠬᠡᠷᠡᠭᠯᠡᠵᠦ᠂ ᠲᠠᠷᠢᠶᠠᠨ ᠭᠠᠵᠠᠷ ᠳᠠᠬᠢ ᠬᠠᠶᠠᠭᠳᠠᠮᠠᠯ ᠦᠯᠡᠳᠡᠭᠳᠡᠯ᠂ ᠡᠪᠳᠡᠷᠡᠯ ᠬᠠᠭᠠᠷᠠᠯ ᠢ ᠪᠠᠭᠠᠰᠬᠠᠵᠤ᠂ ᠰᠡᠭᠦᠯᠴᠢ ᠶᠢᠨ ᠬᠤᠭᠤᠴᠠᠭᠠᠨ ᠳᠤ ᠬᠤᠷᠢᠶᠠᠨ ᠠᠪᠴᠤ ᠳᠠᠬᠢᠨ ᠠᠰᠢᠭᠯᠠᠬᠤ ᠳᠤ ᠳᠥᠭᠦᠮ ᠪᠣᠯᠭᠠᠬᠤ ᠬᠡᠷᠡᠭᠲᠡᠶ᠃ ᠬᠤᠷᠢᠶᠠᠨ ᠠᠪᠴᠤ ᠪᠣᠯᠬᠤ᠂ ᠵᠠᠳᠠᠷᠠᠵᠤ ᠪᠣᠯᠬᠤ ᠮᠠᠲ᠋ᠧᠷᠢᠶᠠᠯᠲᠤ ᠰᠦᠯᠢᠶᠣᠣ ᠪᠦᠷᠬᠦᠪᠴᠢ᠂ ᠲᠠᠯᠪᠢᠭᠤᠷ᠂ ᠪᠣᠭᠤᠳᠠᠯᠯᠠᠬᠤ ᠴᠠᠭᠠᠰᠤ᠂ ᠳᠤᠰᠤᠯᠭᠠᠨ ᠤᠰᠤᠯᠠᠬᠤ ᠪᠦᠰᠡ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠡᠳ᠋ ᠢ ᠢᠳᠡᠪᠬᠢᠲᠡᠶ ᠬᠡᠷᠡᠭᠯᠡᠬᠦ ᠬᠡᠷᠡᠭᠲᠡᠶ᠃ ᠲᠠᠷᠢᠶᠠᠨ ᠡᠮ ᠬᠡᠷᠡᠭᠯᠡᠭᠴᠢ ᠨᠢ ᠡᠮ ᠨᠠᠶᠢᠷᠠᠬᠤ ᠳᠠᠭᠠᠨ ᠤᠬᠢᠶᠠᠵᠤ ᠴᠡᠪᠡᠷᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠪᠣᠭᠤᠳᠠᠯ ᠪᠠᠭᠯᠠᠭ᠎ᠠ ᠶᠢᠨ ᠳᠣᠲᠣᠷᠠᠬᠢ ᠲᠠᠷᠢᠶᠠᠨ ᠡᠮ ᠢ ᠭᠦᠢᠴᠡᠳ ᠠᠰᠢᠭᠯᠠᠵᠤ᠂ ᠡᠭᠦᠨ ᠤ ᠤᠯᠠᠮ ᠠᠴᠠ ᠦᠯᠡᠳᠡᠭᠳᠡᠯ ᠲᠠᠷᠢᠶᠠᠨ ᠡᠮ ᠢ ᠪᠠᠭᠠᠰᠬᠠᠵᠤ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠴᠠᠭ ᠲᠤᠬᠠᠶ ᠳᠤᠨᠢ ᠴᠤᠭᠯᠠᠭᠤᠯᠬᠤ ᠶᠢᠨ ᠬᠠᠮᠲᠤ ᠲᠠᠷᠢᠶᠠᠨ ᠡᠮ ᠤᠨ ᠡᠵᠡᠩᠨᠡᠭᠴᠢ ᠪᠤᠶᠤ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠬᠤ ᠥᠷᠲᠡᠭᠡ ︵ᠭᠠᠵᠠᠷ︶᠎ ᠳᠤ ᠪᠤᠴᠠᠭᠠᠵᠤ᠂ ᠳᠤᠷ᠎ᠠ ᠪᠠᠷ ᠬᠠᠶᠠᠵᠤ ᠪᠣᠯᠬᠤ ᠦᠭᠡᠢ᠃    ︵ᠬᠤᠶᠠᠷ︶ ᠡᠯ᠎ᠡ ᠰᠤᠮᠤ ᠪᠠᠯᠭᠠᠰᠤ ᠨᠢ ᠬᠠᠷᠢᠶ᠎ᠠ ᠣᠷᠣᠨ ᠤ ᠪᠠᠨ ᠲᠠᠷᠢᠶᠠᠴᠢᠨ ᠡᠷᠦᠬᠡ ᠶᠢ ᠴᠠᠭ ᠲᠤᠬᠠᠶ ᠳᠤᠨᠢ ᠵᠢᠯᠣᠭᠤᠳᠤᠨ ᠲᠠᠷᠢᠶᠠᠨ ᠭᠠᠵᠠᠷ ᠤᠨ ᠬᠤᠭ ᠨᠣᠪᠰᠢ ᠶᠢ ᠴᠡᠪᠡᠷᠯᠡᠬᠦ ᠬᠡᠷᠡᠭᠲᠡᠶ᠃ ᠭᠤᠸᠠ ᠶᠢᠨ ᠲᠡᠯᠪᠢᠭᠤᠷ᠂ ᠲᠣᠣᠷ᠂ ᠴᠠᠭᠠᠰᠤᠨ ᠬᠠᠶᠢᠷᠴᠠᠭ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠵᠢᠴᠢ ᠬᠢᠮᠢ ᠶᠢᠨ ᠪᠤᠷᠳᠤᠭᠤᠷ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠢᠷᠴᠠᠭ᠂ ᠤᠭᠤᠲᠠ᠂ ᠰᠠᠪᠠ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠤᠭ ᠨᠣᠪᠰᠢ ᠶᠢ ᠲᠦᠷᠦᠯ ᠬᠤᠪᠢᠶᠠᠨ ᠴᠤᠭᠯᠠᠭᠤᠯᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠬᠤ  ᠭᠠᠵᠠᠷ ᠲᠤ ᠰᠢᠯᠵᠢᠭᠦᠯᠦᠨ ᠵᠥᠭᠡᠭᠡᠪᠦᠷᠢᠯᠡᠵᠦ ᠲᠥᠪᠯᠡᠷᠡᠭᠦᠯᠦᠨ ᠣᠪᠣᠭᠠᠯᠠᠵᠤ᠂ ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠲᠣᠭᠲᠠᠭᠰᠠᠨ ᠬᠤᠷᠢᠶᠠᠨ ᠠᠪᠬᠤ ᠭᠠᠵᠠᠷ ᠲᠤ ᠴᠠᠭ ᠲᠤᠬᠠᠢ ᠳᠤᠨᠢ ᠬᠦᠷᠭᠡᠬᠦ ᠬᠡᠷᠡᠭᠲᠡᠢ᠃ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠡᠭᠡᠭᠦᠯᠦᠨ ᠬᠤᠷᠢᠶᠠᠬᠤ  ᠭᠠᠵᠠᠷ ᠲᠤ ᠠᠮᠢᠳᠤᠷᠠᠯ ᠤᠨ ᠬᠤᠭ ᠨᠣᠪᠰᠢ ᠪᠠ ᠪᠠᠷᠢᠯᠭ᠎ᠠ ᠶᠢᠨ ᠬᠤᠭ ᠨᠣᠪᠰᠢ ᠬᠠᠶᠠᠬᠤ ᠶᠢ ᠴᠢᠩᠭ᠎ᠠ ᠴᠠᠭᠠᠵᠠᠯᠠᠨ᠎ᠠ᠃    ︵ᠭᠤᠷᠪᠠ︶ ᠡᠰᠢ ᠰᠦᠷᠡᠯ ᠢ ᠴᠤᠭᠯᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ ᠪᠠ ᠶᠡᠷᠦᠩᠬᠡᠶᠢᠯᠡᠨ ᠠᠰᠢᠭᠯᠠᠬᠤ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠡᠰᠢ ᠰᠦᠷᠡᠯ ᠢ ᠡᠨᠧᠷᠭᠢᠵᠢᠭᠦᠯᠬᠦ᠂ ᠪᠣᠷᠳᠣᠭᠤᠷᠵᠢᠭᠤᠯᠬᠤ᠂ ᠲᠡᠵᠢᠭᠡᠯ ᠪᠣᠷᠳᠤᠭ᠎ᠠ ᠪᠣᠯᠭᠠᠬᠤ ᠵᠡᠷᠭᠡ ᠣᠯᠠᠨ ᠡᠰᠢᠵᠢᠭᠰᠡᠨ ᠥᠨᠳᠥᠷ ᠦᠷ᠎ᠡ ᠪᠦᠲᠦᠮᠵᠢᠲᠡᠶ ᠠᠰᠢᠭᠯᠠᠬᠤ ᠠᠷᠭ᠎ᠠ ᠮᠠᠶ᠋ᠢᠭ ᠢ ᠵᠣᠷᠢᠭᠵᠢᠭᠤᠯᠵᠤ᠂ ᠵᠠᠳᠠᠭᠠᠶ ᠰᠢᠲᠠᠭᠠᠬᠤ ᠦᠵᠡᠭᠳᠡᠯ ᠢ ᠡᠷᠡᠰ ᠬᠤᠷᠢᠭᠯᠠᠨ ᠵᠣᠭᠰᠣᠭᠠᠬᠤ ᠬᠡᠷᠡᠭᠲᠡᠶ᠃    ︵ᠲᠦᠷᠪᠡ︶ ᠲᠠᠷᠢᠶᠠᠴᠢᠨ ᠡᠷᠦᠬᠡ᠂ ᠲᠠᠷᠢᠶᠠᠯᠠᠩ ᠤᠨ ᠡᠵᠡᠩᠨᠡᠯᠲᠡ ᠶᠢᠨ ᠭᠤᠤᠯ ᠴᠣᠭᠴᠠ ᠶᠢᠨ ᠲᠠᠷᠢᠶᠠᠯᠠᠩ ᠤᠨ ᠬᠠᠶᠠᠭᠳᠠᠮᠠᠯ ᠪᠣᠳᠠᠰ ᠢ ᠳᠠᠬᠢᠨ ᠠᠰᠢᠭᠯᠠᠬᠤ ᠠᠷᠭ᠎ᠠ ᠵᠠᠮ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠢᠯᠠᠩᠭᠤᠶ᠎ᠠ ᠬᠠᠶᠠᠭᠳᠠᠮᠠᠯ ᠲᠠᠯᠪᠢᠭᠤᠷ᠂ ᠬᠠᠶᠠᠭᠳᠠᠮᠠᠯ ᠰᠦᠯᠢᠶᠣᠣ ᠪᠦᠷᠬᠦᠭᠦᠯ᠂ ᠳᠤᠰᠤᠯᠭᠠᠨ ᠤᠰᠤᠯᠠᠬᠤ ᠪᠦᠰᠡ ᠵᠡᠷᠭᠡ ᠰᠦᠯᠢᠶᠣᠣ ᠪᠦᠲᠦᠭᠡᠭᠳᠡᠬᠦᠨ ᠢ ᠲᠥᠷᠥᠯ ᠬᠤᠪᠢᠶᠠᠨ ᠬᠤᠷᠢᠶᠠᠨ ᠠᠪᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠵᠣᠷᠢᠭᠵᠢᠭᠤᠯᠤᠨ ᠳᠡᠮᠵᠢᠨ᠎ᠡ᠃    ᠭᠤᠷᠪᠠ᠂ ᠰᠢᠳᠬᠡᠨ ᠲᠣᠷᠭᠠᠬᠤ ᠡᠷᠴᠢᠮ ᠢᠶᠠᠨ ᠴᠢᠩᠭᠠᠷᠠᠭᠤᠯᠵᠤ᠂ ᠬᠢᠨᠠᠯᠲᠠ ᠬᠠᠮᠢᠶᠠᠷᠤᠯᠲᠠ ᠪᠠᠨ ᠴᠢᠩᠭᠠᠷᠠᠭᠤᠯᠤᠨ᠎ᠠ    ︵ᠨᠢᠭᠡ︶ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠰᠤᠮᠤ ᠪᠠᠯᠭᠠᠰᠤ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠢᠭᠲᠠ ᠬᠠᠮᠵᠢᠯᠴᠠᠵᠤ᠂ ᠪᠣᠬᠢᠷᠲᠤᠯ ᠥᠬᠡᠶ ᠲᠠᠷᠢᠶᠠᠨ ᠭᠠᠵᠠᠷ ᠤᠨ ᠪᠦᠷᠬᠦᠭᠦᠯ ᠮᠠᠲ᠋ᠧᠷᠢᠶᠠᠯ ᠢ ᠳᠡᠯᠭᠡᠷᠡᠭᠦᠯᠬᠦ ᠪᠠ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠠᠵᠢᠯ ᠤᠨ ᠲᠣᠭᠤᠷᠢᠨ ᠪᠠᠶᠢᠴᠠᠭᠠᠬᠤ ᠪᠠ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠲᠣᠭᠲᠠᠭᠠᠯ ᠠᠴᠠ ᠵᠥᠷᠢᠴᠡᠨ ᠪᠠᠷᠢᠮᠵᠢᠶ᠎ᠠ ᠪᠤᠰᠤ ᠰᠦᠯᠢᠶᠣᠣ ᠪᠦᠷᠬᠦᠪᠴᠢ ᠶᠢ ᠦᠢᠯᠡᠳᠪᠦᠷᠢᠯᠡᠵᠦ᠂ ᠪᠣᠷᠣᠯᠠᠭᠤᠯᠵᠤ᠂ ᠬᠡᠷᠡᠭᠯᠡᠬᠦ ᠵᠢᠴᠢ ᠨᠢᠭᠡ ᠯᠡ ᠤᠳᠠᠭ᠎ᠠ ᠬᠡᠷᠡᠭᠯᠡᠬᠦ PVC ᠮᠠᠲ᠋ᠧᠷᠢᠶᠠᠯ ᠤᠨ ᠭᠤᠸᠠ ᠶᠢᠨ ᠲᠠᠯᠪᠢᠭᠤᠷ ᠢ ᠬᠡᠷᠡᠭᠯᠡᠬᠦ ᠦᠢᠯᠡ ᠠᠵᠢᠯᠯᠠᠭ᠎ᠠ ᠶᠢ ᠣᠯᠵᠤ ᠮᠡᠳᠡᠮᠡᠭᠴᠡ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠵᠦ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ ᠥᠬᠡᠶ ᠪᠣᠯᠭᠠᠬᠤ ᠪᠤᠶᠤ ᠬᠠᠮᠢᠶ᠎ᠠ ᠪᠥᠬᠦᠶ ᠲᠠᠷᠢᠶᠠᠯᠠᠩ ᠤᠨ ᠨᠥᠬᠦᠪᠥᠷᠢ ᠶᠢᠨ ᠬᠢᠷᠢ ᠬᠡᠮ ᠢ ᠨᠢ ᠬᠦᠴᠦᠨ ᠥᠬᠡᠶ ᠪᠣᠯᠭᠠᠨ᠎ᠠ᠃    ︵ᠬᠤᠶᠠᠷ︶ ᠰᠢᠢᠳᠭᠡᠬᠦ ᠠᠷᠭ᠎ᠠ ᠬᠡᠮᠵᠢᠶ᠎ᠡ ᠶᠢ ᠲᠣᠲᠤᠷᠬᠠᠶᠢᠯᠠᠨ᠎ᠠ᠃ ᠲᠣᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠲᠣᠭᠲᠠᠭᠠᠯ ᠢ ᠵᠥᠷᠢᠴᠡᠨ PVC ᠮᠠᠲ᠋ᠧᠷᠢᠶᠠᠯ ᠤᠨ ᠭᠤᠸᠠ ᠶᠢᠨ ᠲᠠᠯᠪᠢᠭᠤᠷ ᠢ ᠦᠷᠭᠦᠯᠵᠢᠯᠡᠨ ᠦᠢᠯᠡᠳᠪᠦᠷᠢᠯᠡᠵᠦ᠂ ᠪᠣᠷᠣᠯᠠᠭᠤᠯᠤᠭᠰᠠᠨ ᠪᠠ ᠬᠡᠷᠡᠭᠯᠡᠭᠰᠡᠨ ᠠᠵᠤ ᠠᠬᠤᠶᠢᠯᠠᠯ ᠪᠠ ᠬᠤᠪᠢ ᠬᠥᠮᠦᠨ ᠪᠦᠬᠦᠨ ᠢ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠨ ᠰᠢᠳᠬᠡᠨ ᠲᠣᠷᠭᠠᠨ᠎ᠠ᠃ ᠵᠠᠳᠠᠷᠠᠵᠤ ᠪᠣᠯᠬᠤ ᠰᠦᠯᠢᠶᠣᠣ ᠪᠦᠷᠬᠦᠪᠴᠢ ᠶᠢ ᠲᠣᠭᠲᠠᠭᠠᠯ ᠶᠣᠰᠣᠭᠠᠷ ᠬᠡᠷᠡᠭᠯᠡᠭᠰᠡᠨ ᠦᠭᠡᠢ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠭᠰᠠᠨ ᠦᠭᠡᠢ ᠲᠠᠷᠢᠶᠠᠯᠠᠩ ᠤᠨ ᠦᠢᠯᠡᠳᠪᠦᠷᠢᠯᠡᠭᠴᠢᠳ ᠲᠤ ᠪᠠᠶᠢᠳᠠᠯ ᠤᠨ ᠬᠦᠨᠳᠦ ᠬᠥᠩᠭᠡᠨ ᠢ ᠨᠢ ᠦᠨᠳᠦᠰᠦᠯᠡᠨ ᠲᠠᠷᠢᠶᠠᠯᠠᠩ ᠬᠥᠳᠡᠭᠡ ᠲᠣᠰᠬᠤᠨ ᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠡᠷᠡᠮᠵᠢ ᠥᠭᠬᠦ᠂ ᠵᠣᠭᠤᠰ ᠢᠶᠠᠷ ᠲᠣᠷᠭᠠᠬᠤ ᠪᠤᠶᠤ ᠪᠤᠰᠤᠳ ᠵᠠᠰᠠᠭ ᠵᠠᠬᠢᠷᠭᠠᠨ ᠤ ᠰᠢᠢᠳᠬᠡᠯ ᠥᠭᠭᠦᠨ᠎ᠡ᠃ ᠲᠠᠷᠢᠶᠠᠨ ᠭᠠᠵᠠᠷ ᠵᠢᠴᠢ ᠡᠷᠬᠢᠨ ᠲᠣᠭᠤᠷᠢᠨ ᠤ ᠲᠠᠷᠢᠶᠠᠨ ᠭᠠᠵᠠᠷ ᠤᠨ ᠰᠦᠯᠢᠶᠤᠤ ᠪᠣᠬᠢᠷᠲᠤᠯ ᠢ ᠴᠡᠪᠡᠷᠯᠡᠬᠦ ᠠᠵᠢᠯ ᠢ ᠥᠷᠨᠢᠭᠦᠯᠬᠦ ᠶᠢ ᠲᠡᠪᠴᠢᠭᠰᠡᠨ ᠪᠠᠶᠢᠪᠠᠯ᠂ ︽ᠲᠠᠷᠢᠶᠠᠨ ᠡᠮ ᠤᠨ ᠪᠣᠭᠤᠳᠠᠯ ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠬᠤᠷᠢᠶᠠᠨ ᠠᠪᠴᠤ ᠰᠢᠢᠳᠪᠦᠷᠢᠯᠡᠬᠦ ᠬᠠᠮᠢᠶᠠᠷᠤᠯᠲᠠ ᠶᠢᠨ ᠠᠷᠭ᠎ᠠ︾ ᠶᠣᠰᠣᠭᠠᠷ ᠰᠢᠳᠬᠡᠨ ᠲᠣᠷᠭᠠᠬᠤ ᠶᠢᠨ ᠬᠠᠮᠲᠤ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠪᠠᠯᠠ ᠮᠥᠩᠭᠦ ᠲᠠᠢ ᠬᠤᠯᠪᠣᠭᠳᠠᠭᠤᠯᠤᠨ᠎ᠠ᠃ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠪᠤᠢ ᠪᠣᠯᠭᠠᠭᠰᠠᠨ ᠬᠦᠨᠳᠦ ᠨᠣᠴᠢᠲᠠᠶ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠬᠦ ᠶᠢᠨ ᠬᠠᠮᠲᠤ ᠬᠠᠮᠢᠶ᠎ᠠ ᠪᠦᠬᠦᠢ ᠬᠥᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃    ︵ᠭᠤᠷᠪᠠ︶ ᠢᠯᠡᠴᠢᠯᠡᠨ ᠮᠡᠳᠡᠭᠦᠯᠦᠭᠰᠡᠳ ᠢ ᠱᠠᠩᠨᠠᠬᠤ ᠲᠣᠭᠲᠠᠴᠠ ᠶᠢ ᠪᠠᠶᠢᠭᠤᠯᠤᠨ᠎ᠠ᠃ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ ᠲᠠᠯᠪᠢᠬᠤ ᠳᠤ ᠢᠳᠡᠪᠬᠢᠲᠡᠢ ᠣᠷᠣᠯᠴᠠᠬᠤ ᠶᠢ ᠵᠣᠷᠢᠬᠵᠢᠭᠤᠯᠵᠤ᠂ ᠲᠤᠰᠬᠠᠢ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠪᠠ ᠲᠠᠪᠴᠠᠩ ᠪᠠᠶᠢᠭᠤᠯᠤᠨ᠂ ᠪᠦᠲᠦᠮᠵᠢᠲᠡᠢ ᠰᠦᠪᠡᠭᠴᠢ ᠬᠠᠩᠭᠠᠭᠰᠠᠨ ᠬᠤᠪᠢ ᠬᠥᠮᠥᠨ ᠪᠤᠶᠤ ᠨᠢᠭᠡᠴᠡ ᠳᠤ ᠪᠠᠶᠢᠴᠠᠭᠠᠨ ᠲᠣᠳᠣᠯᠠᠭᠠᠳ ᠦᠨᠡᠨ ᠪᠣᠳᠠᠲᠠᠢ ᠪᠣᠯᠣᠭᠰᠠᠨ ᠤ ᠳᠠᠷᠠᠭ᠎ᠠ᠂ ᠵᠣᠬᠢᠬᠤ ᠪᠣᠳᠠᠰ ᠤᠨ ᠱᠠᠩᠨᠠᠯ ᠬᠥᠬᠢᠭᠦᠯᠦᠯ ᠣᠯᠭᠤᠨ᠎ᠠ᠃    ᠳᠥᠷᠪᠡ᠂ ᠲᠥᠷᠥ ᠶᠢᠨ ᠪᠣᠳᠣᠯᠭ᠎ᠠ ᠶᠢᠨ ᠬᠥᠲᠥᠯᠥᠨ ᠵᠢᠯᠣᠭᠤᠳᠴᠤ ᠲᠡᠳᠬᠦᠨ ᠳᠡᠮᠵᠢᠬᠦ ᠦᠢᠯᠡᠳᠦᠯ ᠢ ᠴᠢᠩᠭᠠᠷᠠᠭᠤᠯᠤᠨ᠎ᠠ    ︵ᠨᠢᠭᠡ︶ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠨ᠎ᠠ᠃ ᠲᠤᠰᠬᠠᠶ ᠰᠡᠳᠦᠪᠲᠦ ᠲᠠᠶᠢᠯᠤᠮᠵᠢ ᠬᠢᠬᠦ᠂ ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠰᠢᠨ᠎ᠡ ᠵᠠᠭᠤᠴᠢᠯᠠᠭᠤᠷ ᠵᠡᠷᠭᠡ ᠬᠡᠯᠪᠡᠷᠢ ᠪᠠᠷ ᠳᠠᠮᠵᠢᠭᠤᠯᠤᠨ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠦᠯᠢᠶᠣᠣ ᠪᠦᠷᠬᠦᠪᠴᠢ ᠪᠠ ᠪᠠᠯᠲᠤ ᠬᠡᠮᠬᠡ ᠳᠠᠷᠢᠬᠤ ᠰᠢᠨ᠎ᠡ ᠮᠡᠷᠭᠡᠵᠢᠯ ᠢ ᠲᠦᠭᠡᠮᠡᠯᠵᠢᠭᠦᠯᠵᠦ᠂ ᠮᠠᠯᠴᠢᠨ ᠲᠠᠷᠢᠶᠠᠴᠢᠨ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠡᠷᠡᠭᠯᠡᠬᠦ ᠶᠢᠨ ᠴᠢᠬᠤᠯᠠ ᠴᠢᠨᠠᠷ ᠢ ᠭᠦᠢᠴᠡᠳ ᠲᠠᠨᠢᠭᠤᠯᠤᠨ᠎ᠠ᠃    ︵ᠬᠤᠶᠠᠷ︶ ᠮᠡᠷᠭᠡᠵᠢᠯ ᠤᠨ ᠳᠡᠮᠵᠢᠯᠭᠡ ᠪᠠ ᠦᠢᠯᠡᠴᠢᠯᠡᠭᠡ ᠬᠠᠩᠭᠠᠨ᠎ᠠ᠃ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠪᠠ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠬᠦ ᠡᠷᠴᠢᠮ ᠢᠶᠠᠨ ᠴᠢᠩᠭᠠᠷᠠᠭᠤᠯᠵᠤ᠂ ᠮᠠᠯᠴᠢᠨ ᠲᠠᠷᠢᠶᠠᠴᠢᠨ ᠳᠤ ᠪᠣᠬᠢᠷᠲᠤᠯ ᠦᠭᠡᠢ᠂ ᠠᠮᠤᠷ ᠲᠦᠪᠰᠢᠨ᠂ ᠥᠨᠳᠥᠷ ᠪᠦᠲᠦᠮᠵᠢᠲᠡᠢ ᠰᠢᠨ᠎ᠡ ᠦᠢᠯᠡᠳᠬᠦᠨ ᠪᠠ ᠰᠢᠨ᠎ᠡ ᠮᠡᠷᠭᠡᠵᠢᠯ ᠢ ᠬᠠᠩᠭᠠᠬᠤ ᠶᠢᠨ ᠬᠠᠮᠲᠤ ᠪᠠᠰᠠ ᠴᠢᠬᠤᠯᠠ ᠪᠦᠬᠦᠢ ᠬᠡᠷᠡᠭᠯᠡᠭᠡᠨ ᠤ ᠪᠣᠯᠪᠠᠰᠤᠷᠠᠭᠤᠯᠤᠯ ᠪᠠ ᠮᠡᠷᠭᠡᠵᠢᠯ ᠤᠨ ᠯᠠᠪᠯᠠᠯᠭ᠎ᠠ ᠶᠢᠨ ᠦᠢᠯᠡᠴᠢᠯᠡᠭᠡ ᠬᠠᠩᠭᠠᠨ᠎ᠠ᠃    ︵ᠭᠤᠷᠪᠠ︶ ᠲᠥᠷᠥ ᠶᠢᠨ ᠪᠣᠳᠣᠯᠭ᠎ᠠ ᠶᠢᠨ ᠤᠷᠮᠠᠰᠢᠭᠤᠯᠬᠤ ᠦᠢᠯᠡᠳᠦᠯ ᠢ ᠪᠠᠳᠠᠷᠠᠭᠤᠯᠤᠨ᠎ᠠ᠃ PVC ᠮᠠᠲ᠋ᠧᠷᠢᠶᠠᠯ ᠤᠨ ᠭᠤᠸᠠ ᠶᠢᠨ ᠲᠠᠯᠪᠢᠭᠤᠷ ᠢ ᠰᠠᠨᠠᠭᠠᠴᠢᠯᠠᠭ᠎ᠠ ᠠᠴᠠ ᠪᠠᠨ ᠰᠢᠭᠰᠢᠭᠳᠡᠭᠦᠯᠬᠦ᠂ ᠤᠯᠤᠰ ᠤᠨ ᠪᠠᠷᠢᠮᠵᠢᠶᠠᠲᠤ ᠰᠦᠯᠢᠶᠣᠣ ᠪᠦᠷᠬᠦᠪᠴᠢ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠨ᠎ᠡ ᠮᠠᠲ᠋ᠧᠷᠢᠶᠠᠯ ᠢ ᠢᠳᠡᠪᠬᠢᠲᠡᠶ ᠬᠡᠷᠡᠭᠯᠡᠬᠦ ᠮᠠᠯᠴᠢᠨ ᠲᠠᠷᠢᠶᠠᠴᠢᠨ ᠪᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠡᠵᠡᠩᠨᠡᠨ ᠪᠣᠷᠣᠯᠠᠭᠤᠯᠬᠤ ᠬᠤᠳᠠᠯᠳᠤᠭᠠᠴᠢᠨ ᠳᠤ ᠵᠠᠰᠠᠭ ᠤᠨ ᠣᠷᠳᠣᠨ ᠠᠴᠠ ᠲᠠᠷᠢᠶᠠᠯᠠᠩ ᠤᠨ ᠨᠥᠬᠦᠪᠥᠷᠢ ᠣᠯᠭᠤᠬᠤ᠂ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ ᠵᠡᠷᠭᠡ ᠲᠠᠯ᠎ᠠ ᠪᠠᠷ ᠡᠩ ᠲᠡᠷᠢᠭᠦᠨ ᠳᠤ ᠪᠣᠳᠣᠯᠬᠢᠯᠠᠬᠤ ᠪᠠ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠣᠯᠭᠤᠨ᠎ᠠ᠃                                      2024 ᠣᠨ ᠤ 4 ᠰᠠᠷ᠎ᠠ ᠶᠢᠨ 17᠎ ᠤ ᠡᠳᠦᠷ 
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号