ᠴᠡᠭᠡ ᠪᠣᠭᠤᠮᠲᠠ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ | ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ | ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ ᠳᠤ᠄ | ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠪᠠ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ | ᠬᠠᠮᠠᠭᠠᠯᠠᠨ᠂ ᠵᠢᠭᠠᠰᠤᠨ ᠠᠵᠤ ᠠᠬᠤᠶ ᠶᠢᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ | ᠲᠥᠯᠥᠭᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠠᠵᠤ ᠠᠬᠤᠶ ᠶᠢᠨ ᠬᠠᠤᠯᠢ︾᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠭᠡᠷ᠎ᠡ ᠶᠢᠨ ᠠᠮᠢᠲᠠᠨ ᠢ ᠬᠠᠮᠠᠭᠠᠯᠠᠬᠤ ᠬᠠᠤᠯᠢ︾᠂ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠢᠭᠠᠰᠤᠨ ᠦᠢᠯᠡᠰ ᠤᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ᠂ | ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠲᠣᠭᠲᠠᠭᠠᠯ ᠢ ᠦᠨᠳᠦᠰᠦᠯᠡᠨ᠂ ᠡᠳᠦᠭᠡ ᠮᠠᠨ ᠤ ᠬᠤᠰᠢᠭᠤᠨ ᠤ | 2024 ᠣᠨ ᠤ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ᠂ ᠵᠢᠭᠠᠰᠤ ᠠᠩᠨᠠᠬᠤ ᠶᠢ ᠴᠠᠭᠠᠵᠠᠯᠠᠬᠤ ᠣᠷᠣᠨ | ᠬᠡᠪᠴᠢᠶ᠎ᠡ ᠶᠢ ᠳᠣᠤᠷᠠᠬᠢ ᠮᠡᠲᠦ ᠵᠠᠷᠯᠠᠶ᠎ᠠ᠄ | ᠨᠢᠭᠡ᠂ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ ᠪᠠ ᠣᠷᠣᠨ | ᠡᠵᠡᠨ᠎ᠡ ᠬᠤᠰᠢᠭᠤᠨ ᠤ ᠬᠢᠯᠢ ᠳᠣᠲᠣᠷᠠᠬᠢ ᠤᠰᠤᠨ ᠤ ᠣᠷᠣᠨ ᠳᠤ ᠵᠢᠭᠠᠰᠤ ᠠᠩᠨᠠᠬᠤ ᠶᠢ ᠴᠠᠭᠠᠵᠠᠯᠠᠬᠤ | ᠬᠤᠭᠤᠴᠠᠭ᠎ᠠ 2024 ᠣᠨ ᠤ 5 ᠰᠠᠷ᠎ᠠ ᠶᠢᠨ 1 ᠤ ᠡᠳᠦᠷ ᠠᠴᠠ 2024 ᠣᠨ ᠤ 7 ᠰᠠᠷ᠎ᠠ ᠶᠢᠨ 31 ᠤ ᠡᠳᠦᠷ | ᠪᠣᠯᠲᠠᠯ᠎ᠠ᠃ | ᠰᠤᠪᠨᠠᠭᠤᠷ᠂ ᠡᠷᠢᠶᠡᠨ ᠴᠤᠨᠵᠢ ᠶᠢᠨ ᠨᠠᠭᠤᠷ᠂ ᠰᠢᠷ᠎ᠠ ᠨᠠᠭᠤᠷ ᠤᠨ ᠤᠰᠤᠨ ᠴᠥᠭᠦᠷᠥᠮ ᠵᠡᠷᠭᠡ ᠪᠠᠶᠢᠭᠠᠯᠢ ᠶᠢᠨ | ᠤᠰᠤᠨ ᠣᠷᠣᠨ ᠪᠠ ᠵᠢᠭᠠᠰᠤᠨ ᠤ ᠲᠦᠷᠥᠯ ᠤᠨ ᠦᠨᠳᠡᠭᠡᠯᠡᠬᠦ ᠲᠠᠯᠠᠪᠠᠢ᠂ ᠨᠡᠭᠦᠳᠡᠯ ᠭᠤᠣᠯ ᠤᠨ ᠵᠠᠮ ᠢ ᠵᠢᠭᠠᠰᠤ | ᠠᠩᠨᠠᠬᠤ ᠶᠢ ᠴᠠᠭᠠᠵᠠᠯᠠᠬᠤ ᠣᠷᠣᠨ ᠢᠶᠠᠷ ᠬᠤᠪᠢᠶᠠᠷᠢᠯᠠᠨ ᠲᠣᠭᠲᠠᠭᠠᠪᠠ᠃ | ᠬᠤᠶᠠᠷ᠂ ᠵᠢᠭᠠᠰᠤ ᠠᠩᠨᠠᠬᠤ ᠶᠢ ᠬᠤᠷᠢᠭᠯᠠᠬᠤ ᠬᠠᠮᠢᠶᠠᠷᠤᠯᠲᠠ | ︵ᠨᠢᠭᠡ︶ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠤ ᠶᠠᠮᠠᠷᠪᠠ ᠨᠢᠭᠡᠴᠡ ᠪᠠ ᠬᠤᠪᠢ ᠬᠥᠮᠦᠨ | ᠵᠢᠭᠠᠰᠤ ᠠᠩᠨᠠᠬᠤ ᠶᠢ ᠴᠠᠭᠠᠵᠠᠯᠠᠬᠤ ᠣᠷᠣᠨ ᠳᠤ ᠵᠢᠭᠠᠰᠤ ᠠᠩᠨᠠᠵᠤ ᠱᠦᠭᠦᠬᠦ ᠪᠤᠶᠤ ᠬᠠᠤᠯᠢ ᠪᠤᠰᠤ ᠪᠠᠷ ᠠᠩᠨᠠᠵᠤ | ᠱᠦᠭᠦᠭᠰᠡᠨ ᠵᠢᠭᠠᠰᠤ ᠶᠢ ᠬᠤᠳᠠᠯᠳᠤᠨ ᠠᠪᠴᠤ᠂ ᠲᠡᠭᠡᠭᠡᠪᠦᠷᠢᠯᠡᠵᠦ᠂ ᠬᠠᠳᠠᠭᠠᠯᠠᠵᠤ᠂ ᠪᠣᠷᠣᠯᠠᠭᠤᠯᠬᠤ ᠶᠢ | ᠴᠠᠭᠠᠵᠠᠯᠠᠨ᠎ᠠ᠃ | ︵ᠬᠤᠶᠠᠷ︶ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠤ ᠦᠷᠡᠵᠢᠭᠦᠯᠬᠦ᠂ ᠰᠢᠨᠵᠢᠯᠡᠬᠦ ᠤᠬᠠᠭᠠᠨ ᠤ | ᠰᠤᠳᠤᠯᠤᠯ ᠬᠢᠬᠦ ᠵᠡᠷᠭᠡ ᠣᠨᠴᠣᠭᠤᠶ ᠬᠡᠷᠡᠭᠴᠡᠭᠡ ᠲᠠᠢ ᠪᠣᠯ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠵᠢᠭᠠᠰᠤᠨ | ᠦᠢᠯᠡᠰ ᠤᠨ ᠤᠰᠤᠨ ᠣᠷᠣᠨ ᠳᠤ ᠠᠩᠨᠠᠵᠤ ᠱᠦᠭᠦᠬᠦ ᠠᠵᠢᠯ ᠬᠢᠬᠦ ᠳᠤ ᠡᠷᠬᠡᠪᠰᠢ ᠠᠶᠢᠮᠠᠭ ᠬᠤᠲᠠ ᠶᠢᠨ ᠵᠢᠭᠠᠰᠤᠨ | ᠦᠢᠯᠡᠰᠡᠷᠳᠡᠨᠢ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠭᠤᠯᠵᠤ᠂ | ᠥᠪᠡᠷᠲᠡᠭᠡᠨ ᠵᠠᠰᠠᠬᠤ ᠣᠷᠣᠨ ᠤ ᠵᠢᠭᠠᠰᠤᠨ ᠠᠵᠤ ᠠᠬᠤᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠬᠡᠷᠡᠭᠳᠡᠢ᠃ ᠪᠤᠰᠤᠳ ᠵᠢᠭᠠᠰᠤᠨ ᠦᠢᠯᠡᠰ ᠤᠨ ᠤᠰᠤᠨ | ᠣᠷᠣᠨ ᠳᠤ ᠠᠩᠨᠠᠵᠤ ᠱᠦᠭᠦᠬᠦ ᠠᠵᠢᠯ ᠬᠢᠬᠦ ᠳᠤ᠂ ᠠᠶᠢᠮᠠᠭ ᠬᠤᠲᠠ ᠶᠢᠨ ᠵᠢᠭᠠᠰᠤᠨ ᠦᠢᠯᠡᠰ ᠤᠨ ᠵᠠᠰᠠᠭ | ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ | ᠣᠷᠣᠨ ᠤ ᠵᠢᠭᠠᠰᠤᠨ ᠠᠵᠤ ᠠᠬᠤᠶ ᠶᠢᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ | ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ | ︵ᠭᠤᠷᠪᠠ︶ ᠵᠢᠭᠠᠰᠤᠨ ᠦᠢᠯᠡᠰ ᠤᠨ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ | ᠳᠣᠲᠣᠭᠠᠳᠤ ᠶᠢ ᠬᠠᠮᠠᠭᠠᠯᠠᠬᠤ᠂ ᠪᠠᠶᠢᠭᠠᠯᠢ ᠶᠢᠨ ᠡᠬᠢ ᠪᠠᠶᠠᠯᠢᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠬᠢᠯᠢ ᠶᠢᠨ ᠬᠠᠮᠠᠭᠠᠯᠠᠯᠲᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠨᠢᠭᠲᠠ ᠬᠠᠮᠵᠢᠯᠴᠠᠵᠤ᠂ ︽ᠪᠦᠭᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠦᠢᠯᠡᠰ ᠤᠨ ᠬᠠᠤᠯᠢ︾ ᠪᠣᠯᠤᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠢᠭᠠᠰᠤᠨ ᠦᠢᠯᠡᠰ ᠤᠨ | ᠬᠠᠤᠯᠢ ᠶᠢ ᠬᠡᠷᠡᠭᠵᠢᠭᠦᠯᠬᠦ ᠠᠷᠭ᠎ᠠ︾ ᠶᠢᠨ ᠲᠣᠭᠲᠠᠭᠠᠯ ᠶᠣᠰᠣᠭᠠᠷ᠂ ᠵᠢᠭᠠᠰᠣ ᠶᠢ ᠴᠠᠭᠢᠯᠭᠠᠨ ᠢᠶᠠᠷ ᠠᠩᠨᠠᠬᠤ᠂ | ᠬᠤᠤᠷᠳᠠᠭᠤᠯᠵᠤ ᠠᠩᠨᠠᠬᠤ᠂ ᠳᠡᠯᠪᠡᠯᠡᠵᠦ ᠠᠩᠨᠠᠬᠤ ᠵᠢᠴᠢ ᠳᠤᠷ᠎ᠠ ᠪᠠᠷ ᠢᠶᠠᠨ ᠠᠩᠨᠠᠵᠤ ᠱᠦᠭᠦᠭᠰᠡᠨ ᠵᠡᠷᠭᠡ ᠵᠢᠭᠠᠰᠤᠨ | ᠠᠵᠤ ᠠᠬᠤᠶ ᠶᠢᠨ ᠡᠬᠢ ᠪᠠᠶᠠᠯᠢᠭ ᠪᠣᠯᠤᠨ ᠵᠢᠭᠠᠰᠤᠨ ᠠᠵᠤ ᠠᠬᠤᠶ ᠶᠢᠨ ᠤᠰᠤᠨ ᠣᠷᠣᠨ ᠤ ᠣᠷᠴᠢᠨ ᠲᠣᠭᠤᠷᠢᠨ ᠢ | ᠡᠪᠳᠡᠵᠦ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠬᠡᠷᠡᠭᠲᠡᠶ᠃ ᠵᠣᠬᠢᠬᠤ | ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ | ᠰᠢᠢᠳᠪᠦᠷᠢᠯᠡᠨ᠎ᠡ᠃ ᠶᠠᠯ᠎ᠠ ᠳᠤ ᠬᠦᠷᠦᠭᠰᠡᠨ ᠪᠣᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ︵ᠲᠦᠷᠪᠡ︶ ᠵᠢᠭᠠᠰᠤᠨ ᠦᠢᠯᠡᠰ ᠤᠨ ᠬᠠᠮᠢᠶᠠᠷᠤᠯᠲᠠ ᠶᠢᠨ ᠠᠵᠢᠯᠲᠠᠨ ᠬᠡᠭᠡᠷ᠎ᠡ ᠭᠠᠳᠠᠨ᠎ᠠ ᠬᠠᠤᠯᠢ ᠬᠡᠷᠡᠭᠵᠢᠭᠦᠯᠬᠦ | ᠦᠶ᠎ᠡ ᠳᠤ᠂ ᠵᠢᠭᠠᠰᠣ ᠠᠩᠨᠠᠬᠤ ᠶᠢ ᠴᠠᠭᠠᠵᠠᠯᠠᠬᠤ ᠬᠤᠭᠤᠴᠠᠭ᠎ᠠ᠂ ᠵᠢᠭᠠᠰᠣ ᠠᠩᠨᠠᠬᠤ ᠶᠢ ᠴᠠᠭᠠᠵᠠᠯᠠᠬᠤ ᠣᠷᠣᠨ ᠤ | ᠲᠣᠭᠲᠠᠭᠠᠯ ᠠᠴᠠ ᠵᠥᠷᠢᠴᠡᠨ ᠬᠠᠤᠯᠢ ᠪᠤᠰᠤ ᠪᠠᠷ ᠵᠢᠭᠠᠰᠣ ᠠᠩᠨᠠᠭᠰᠠᠨ ᠪᠣᠳᠠᠲᠤ ᠶᠠᠪᠤᠳᠠᠯ ᠨᠢ ᠲᠣᠳᠣᠷᠬᠠᠶ᠂ ᠭᠡᠷᠡᠴᠢ | ᠪᠠᠷᠢᠮᠲᠠ ᠨᠢ ᠦᠨᠡᠨ ᠪᠣᠳᠠᠲᠠᠶ᠂ ᠭᠡᠪᠡᠴᠦ ᠲᠤᠬᠠᠶ ᠶᠢᠨ ᠲᠠᠯᠠᠪᠠᠶ ᠳᠤ ᠬᠠᠤᠯᠢ ᠪᠠᠷ ᠲᠣᠭᠲᠠᠭᠠᠭᠰᠠᠨ ᠳᠡᠰ | ᠳᠠᠷᠠᠭᠠᠯᠠᠯ ᠤᠨ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠬᠦ ᠲᠣᠭᠲᠠᠭᠠᠯ ᠭᠠᠷᠭᠠᠵᠤ ᠲᠡᠶᠢᠯᠬᠦ ᠦᠭᠡᠢ ᠦᠶ᠎ᠡ ᠳᠤ | ᠠᠩᠨᠠᠵᠤ ᠱᠦᠭᠦᠬᠦ ᠵᠥᠪᠰᠢᠶᠡᠷᠡᠯ ᠤᠨ ᠦᠨᠡᠮᠯᠡᠯ᠂ ᠵᠢᠭᠠᠰᠤᠨ ᠪᠠᠭᠠᠵᠢ᠂ ᠵᠢᠭᠠᠰᠤᠨ ᠣᠩᠭᠤᠴᠠ ᠵᠢᠴᠢ ᠠᠩᠨᠠᠵᠤ | ᠱᠦᠭᠦᠬᠦ ᠬᠡᠷᠡᠭᠰᠡᠯ ᠢ ᠬᠠᠤᠯᠢ ᠶᠣᠰᠣᠭᠠᠷ ᠤᠷᠢᠳᠠᠪᠠᠷ ᠲᠦᠷ ᠴᠠᠭ ᠳᠠᠷᠤᠵᠤ ᠠᠪᠴᠤ ᠪᠣᠯᠤᠨ᠎ᠠ᠃ | | 2024 ᠣᠨ ᠤ 4 ᠰᠠᠷ᠎ᠠ ᠶᠢᠨ 22 ᠤᠨ ᠡᠳᠦᠷ | |