ᠥᠩᠭᠡᠲᠦ ᠸᠠᠭᠠᠷ ᠤᠨ ᠤᠷᠠᠯᠢᠭ ᠤᠯᠠᠮᠵᠢᠯᠠᠯᠲᠤ ᠰᠣᠶᠣᠯ ᠤᠨ ᠥᠪᠡᠷᠮᠢᠴᠡ ᠷᠢᠳᠢ ᠰᠢᠳᠢ ᠶᠢ ᠭᠠᠶᠢᠬᠠᠭᠤᠯᠤᠨ᠎ᠠ
ᠨᠡᠶᠢᠲᠡᠯᠡᠭᠰᠡᠨ ᠴᠠᠭ᠄
2024/5/23
      5 ᠰᠠᠷ᠎ᠠ ᠶᠢᠨ 18᠎ ᠤ ᠡᠳᠦᠷ ᠪᠣᠯ 48 ᠳ᠋ᠤᠭᠠᠷ ᠣᠯᠠᠨ ᠤᠯᠤᠰ ᠤᠨ ᠮᠦᠽᠧᠢ ᠶᠢᠨ ᠡᠳᠦᠷ ᠪᠣᠯᠣᠨ᠎ᠠ᠂ ᠡᠨᠡᠬᠦ ᠣᠨᠴᠠᠭᠠᠶ ᠡᠳᠦᠷ ᠲᠤ ᠡᠵᠡᠨ᠎ᠡ ᠮᠦᠽᠧᠢ ᠳᠤ ︽5.18 ᠣᠯᠠᠨ ᠤᠯᠤᠰ ᠤᠨ ᠮᠦᠽᠧᠢ ᠶᠢᠨ ᠡᠳᠦᠷ ᠤᠨ ᠨᠡᠶᠢᠭᠡᠮ ᠤᠨ ᠰᠤᠷᠭᠠᠨ ᠬᠥᠮᠦᠵᠢᠯ ᠤᠨ ᠠᠵᠢᠯᠯᠠᠭ᠎ᠠ ︱ᠦᠩᠭᠡᠲᠤ ᠸᠠᠭᠠᠷ ᠤᠨ ᠤᠷᠠᠯᠢᠭ︾ ᠭᠡᠬᠦ ᠭᠤᠣᠯ ᠰᠡᠳᠦᠪᠲᠦ ᠠᠵᠢᠯᠯᠠᠭ᠎ᠠ ᠦᠷᠨᠢᠭᠦᠯᠵᠦ᠂ ᠤᠯᠠᠨ ᠢ ᠳᠠᠭᠠᠭᠤᠯᠤᠨ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠭᠦᠨ ᠵᠤᠵᠠᠭᠠᠨ ᠠᠭᠤᠯᠬᠤᠨ ᠪᠠ ᠸᠠᠭᠠᠷ ᠤᠨ ᠤᠷᠠᠯᠢᠭ ᠤᠨ ᠥᠪᠡᠷᠮᠢᠴᠡ ᠷᠢᠳᠢ ᠰᠢᠳᠢ ᠶᠢ ᠮᠡᠳᠡᠷᠡᠭᠦᠯᠦᠨ᠎ᠡ᠃      ᠠᠵᠢᠯᠯᠠᠭᠠᠨ ᠤ ᠠᠬᠤᠢ ᠲᠠᠯᠠᠪᠠᠢ ᠳᠤ᠂ ᠬᠡᠦᠬᠡᠳ ᠤᠳ ᠭᠡᠷ ᠤᠨ ᠠᠬᠠᠮᠠᠳ ᠲᠠᠢ ᠪᠠᠨ ᠵᠢᠷᠤᠭ ᠤᠨ ᠪᠢᠷ ᠢᠶᠠᠨ ᠠᠳᠬᠤᠨ ᠪᠤᠳᠤᠬᠤ ᠴᠢᠳᠠᠪᠤᠷᠢ ᠪᠠ ᠡᠭᠦᠳᠦᠨ ᠪᠦᠲᠦᠭᠡᠬᠦ ᠴᠢᠳᠠᠪᠤᠷᠢ ᠪᠠᠨ ᠪᠠᠳᠠᠷᠠᠭᠤᠯᠵᠤ᠂ ᠸᠠᠭᠠᠷ ᠤᠨ ᠡᠭᠦᠰᠬᠡᠷ ᠳᠡᠭᠡᠷ᠎ᠡ ᠲᠠᠪᠤᠨ ᠥᠩᠭᠡ ᠰᠣᠯᠣᠩᠭᠠᠷᠠᠭᠰᠠᠨ ᠵᠢᠷᠤᠭ ᠵᠢᠷᠤᠭᠯᠠᠨ᠎ᠠ ᠃ ᠡᠭᠦᠨ ᠤ ᠳᠠᠷᠠᠭ᠎ᠠ ᠮᠦᠽᠧᠢ ᠶᠢᠨ ᠲᠠᠶᠢᠯᠪᠤᠷᠢᠯᠠᠭᠴᠢ ᠭᠡᠷ ᠤᠨ ᠠᠬᠠᠮᠠᠳ ᠪᠣᠯᠣᠨ ᠰᠤᠷᠤᠭᠴᠢᠳ ᠲᠤ ᠡᠵᠡᠨ᠎ᠡ ᠬᠤᠰᠢᠭᠤᠨ ᠤ ᠥᠪᠡᠷᠮᠢᠴᠡ ᠭᠠᠵᠠᠷ ᠰᠢᠨᠵᠢᠯᠡᠭᠡᠨ ᠤ ᠭᠠᠵᠠᠷ ᠤᠨ ᠲᠥᠷᠬᠦ ᠪᠣᠯᠣᠨ ᠡᠯᠪᠡᠭ ᠪᠠᠶᠠᠯᠢᠭ ᠦᠨᠳᠦᠰᠦᠲᠡᠨ ᠤ ᠵᠠᠩ ᠦᠢᠯᠡ ᠶᠢ ᠨᠠᠷᠢᠨ ᠨᠢᠭᠲᠠ ᠲᠠᠶᠢᠯᠪᠤᠷᠢᠯᠠᠨ ᠦᠭᠪᠡ᠃ ᠡᠭᠦᠨ ᠤ ᠬᠠᠮᠲᠤ᠂ ᠲᠠᠳᠠ ᠸᠠᠭᠠᠷ ᠤᠨ ᠤᠷᠠᠯᠢᠭ ᠤᠨ ᠤᠯᠠᠮᠵᠢᠯᠠᠯᠲᠤ ᠤᠷᠠᠯᠢᠭ ᠤᠨ ᠲᠠᠶᠢᠯᠤᠮᠵᠢ ᠶᠢ ᠤᠷᠠᠨ ᠢᠶᠠᠷ ᠠᠭᠤᠰᠬᠠᠨ ᠰᠢᠩᠭᠡᠭᠡᠵᠦ᠂ ᠰᠤᠷᠤᠭᠴᠢᠳ ᠲᠤ ᠸᠠᠭᠠᠷ ᠤᠨ ᠤᠷᠠᠯᠢᠭ ᠤᠨ ᠷᠢᠳᠢ ᠰᠢᠳᠢ ᠶᠢ ᠭᠦᠨᠵᠡᠭᠡᠢ ᠣᠶᠢᠯᠠᠭᠠᠭᠤᠯᠤᠭᠰᠠᠨ ᠪᠠᠶᠢᠨ᠎ᠠ᠃      ᠰᠤᠷᠤᠭᠴᠢ ᠨᠠ ᠮᠧᠢ ᠶᠠ ᠄  ︽ᠪᠢ ᠤᠤᠯ ᠨᠢ ᠸᠠᠭᠠᠷ ᠤᠨ ᠤᠷᠠᠯᠢᠭ ᠤᠨ ᠲᠤᠬᠠᠢ ᠳᠡᠮᠡᠢ ᠰᠠᠶᠢᠨ ᠣᠶᠢᠯᠠᠭᠠᠯᠲᠠ ᠦᠭᠡᠢ ᠪᠠᠶᠢᠭᠰᠠᠨ᠂ ᠬᠠᠷᠢᠨ ᠡᠨᠡ ᠤᠳᠠᠭᠠᠨ ᠤ ᠬᠥᠳᠡᠯᠭᠡᠭᠡᠨ ᠢᠶᠠᠷ ᠸᠠᠭᠠᠷ ᠤᠨ ᠤᠷᠠᠯᠢᠭ ᠤᠨ ᠰᠣᠶᠣᠯ ᠪᠠ ᠲᠡᠦᠬᠡ ᠶᠢ ᠭᠦᠨᠵᠡᠭᠡᠢ ᠤᠶᠢᠯᠠᠭᠠᠭᠰᠠᠨ᠂ ᠪᠠᠰᠠ ᠡᠶᠢᠮᠦᠷᠬᠦᠤ ᠭᠠᠷ ᠤᠷᠠᠯᠠᠯ ᠤᠨ ᠪᠦᠲᠦᠭᠡᠯ ᠨᠢ ᠨᠡᠩ ᠨᠠᠨᠳᠢᠩᠨᠠᠨ ᠬᠠᠳᠠᠭᠠᠯᠠᠬᠤ ᠦᠷᠲᠡᠭ ᠲᠠᠢ ᠮᠦᠷᠲᠡᠭᠡᠨ ᠤᠯᠠᠮᠵᠢᠯᠠᠯᠲᠤ ᠰᠣᠶᠣᠯ ᠤᠨ ᠷᠢᠳᠢ ᠰᠢᠳᠢ ᠶᠢ ᠨᠡᠩ ᠰᠠᠶᠢᠨ ᠮᠡᠳᠡᠷᠡᠭᠦᠯᠦᠭᠰᠡᠨ ᠪᠠᠶᠢᠨ᠎ᠠ  ︾ ᠭᠡᠪᠡ᠃      ᠭᠡᠷ ᠤᠨ ᠠᠬᠠᠮᠠᠳ ᠯᠠᠨ ᠵᠢᠩ ᠄  ︽ ᠡᠨᠡ ᠤᠳᠠᠭᠠᠨ ᠤ ᠬᠥᠳᠡᠯᠭᠡᠭᠡᠨ ᠨᠢ ᠬᠡᠦᠬᠡᠳ ᠤᠨ ᠤᠷᠮ᠎ᠠ ᠪᠠᠬ᠎ᠠ ᠶᠢ ᠬᠦᠭᠵᠢᠭᠡᠵᠦ ᠴᠢᠳᠠᠭᠰᠠᠨ ᠢᠶᠠᠷ ᠪᠠᠷᠠᠬᠤ ᠦᠭᠡᠢ᠂ ᠸᠠᠭᠠᠷ ᠤᠨ ᠤᠷᠠᠯᠢᠭ ᠤᠨ ᠲᠡᠦᠬᠡ ᠪᠠ ᠰᠣᠶᠣᠯ ᠢ ᠰᠤᠷᠤᠭᠰᠠᠨ᠂ ᠪᠠᠰᠠ ᠨᠢᠭᠡ ᠪᠦᠯᠦᠭ ᠰᠢᠨ᠎ᠡ ᠨᠠᠶᠢᠵᠠ ᠲᠠᠢ ᠲᠠᠨᠢᠯᠴᠠᠭᠰᠠᠨ ᠪᠠᠶᠢᠨ᠎ᠠ᠂ ᠭᠠᠷ ᠤᠷᠠᠯᠠᠯ ᠤᠨ ᠬᠡᠯᠪᠡᠷᠢ ᠪᠠᠷ ᠦᠪᠡᠷᠰᠡᠳ ᠎ ᠢᠶᠠᠨ ᠭᠠᠷ ᠬᠦᠳᠡᠯᠦᠨ ᠬᠢᠭᠰᠡᠨ ᠪᠦᠲᠦᠭᠡᠯ ᠨᠢ ᠮᠠᠰᠢ ᠰᠣᠨᠢᠷᠬᠠᠯᠲᠠᠢ᠂ ᠬᠡᠤᠬᠡᠳ ᠴᠦ ᠥᠪᠡᠷ ᠤᠨ ᠪᠦᠲᠦᠭᠡᠯ ᠢᠶᠠᠨ ᠨᠡᠩ ᠨᠠᠨᠳᠢᠩᠨᠠᠨ ᠬᠠᠶᠢᠷᠠᠯᠠᠨ᠎ᠠ᠃ ᠡᠶᠢᠮᠦ ᠪᠠᠷ ᠢᠶᠠᠨ ᠡᠶᠢᠮᠦᠷᠬᠦᠤ ᠬᠥᠳᠡᠯᠭᠡᠭᠡᠨ ᠨᠢ ᠬᠡᠦᠬᠡᠳ ᠤᠨ ᠦᠰᠦᠨ ᠪᠤᠶᠢᠵᠢᠯᠲᠠ ᠳᠤ ᠮᠠᠰᠢ ᠶᠡᠭᠡ ᠲᠤᠰᠠ ᠪᠤᠯᠤᠨ᠎ᠠ  ︾ ᠭᠡᠪᠡ  ᠃      ᠬᠤᠰᠢᠭᠤᠨ ᠤ ᠲᠡᠤᠬᠡᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠦᠪ ᠤᠨ ᠳᠡᠳ᠋ ᠡᠷᠬᠢᠯᠡᠭᠴᠢ ᠫᠧᠢ ᠬᠠᠢ ᠰᠢᠶᠠ ᠄  ︽ᠸᠠᠭᠠᠷ ᠤᠨ ᠤᠷᠠᠯᠢᠭ ᠪᠠ ᠲᠡᠦᠬᠡ ᠶᠢᠨ ᠬᠡᠯᠪᠡᠷᠢ ᠪᠠᠷ ᠵᠠᠯᠠᠭᠤᠴᠤᠳ ᠪᠠᠭᠠᠴᠤᠳ ᠢ ᠵᠢᠯᠣᠭᠤᠳᠤᠨ ᠲᠡᠦᠬᠡ ᠎ ᠶᠢᠨ ᠳᠤᠷᠠᠰᠬᠠᠯᠲᠤ ᠵᠦᠢᠯᠡᠰ ᠢ ᠪᠠᠶᠠᠯᠢᠭ ᠰᠠᠶᠢᠬᠠᠨ ᠦᠯᠢᠭᠡᠷ ᠢᠶᠠᠷ ᠬᠦᠮᠦᠰ ᠲᠤ ᠮᠡᠳᠡᠷᠡᠭᠦᠯᠬᠦ ᠶᠢᠨ ᠲᠦᠯᠦᠭᠡ ᠶᠤᠮ᠃ ᠨᠡᠩ ᠤᠯᠠᠨ ᠬᠥᠮᠥᠨ ᠮᠦᠽᠧᠢ ᠳᠤ ᠢᠷᠡᠵᠦ᠂ ᠲᠡᠦᠬᠡ ᠶᠢᠨ ᠳᠤᠷᠠᠰᠬᠠᠯᠲᠤ ᠵᠦᠢᠯᠡᠰ ᠢᠶᠠᠷ ᠳᠠᠮᠵᠢᠨ ᠲᠡᠦᠬᠡ ᠰᠣᠶᠣᠯ ᠢ ᠤᠶᠢᠯᠠᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠮᠦᠽᠧᠢ ᠶᠢ ᠲᠡᠦᠬᠡ ᠶᠢᠨ ᠳᠠᠮᠵᠢᠭᠤᠯᠬᠤ ᠲᠠᠪᠴᠠᠩ ᠪᠤᠯᠭᠠᠨ᠂ ᠤᠯᠠᠨ ᠤ ᠤᠶᠤᠨ ᠰᠠᠨᠠᠭᠠᠨ ᠤ ᠶᠢᠷᠲᠢᠨᠴᠦ ᠶᠢ ᠪᠠᠶᠠᠯᠢᠭᠵᠢᠭᠤᠯᠤᠨ᠎ᠠ  ︾ ᠭᠡᠪᠡ  ᠃  
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号