︽5.19︾ ᠤ ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ ᠢ ᠲᠤᠬᠢᠶᠠᠯᠳᠤᠭᠤᠯᠤᠨ᠂ 5 ᠰᠠᠷ᠎ᠠ ᠶᠢᠨ | 17 ᠤ ᠡᠳᠦᠷ᠂ ᠬᠤᠰᠢᠭᠤᠨ ᠤ ᠰᠣᠶᠣᠯ ᠵᠢᠭᠤᠯᠴᠢᠯᠠᠯ ᠤᠨ ᠲᠣᠪᠴᠢᠶ᠎ᠠ ᠬᠤᠰᠢᠭᠤᠨ ᠤ ᠵᠡᠮᠳᠡᠭᠴᠦᠳ ᠤᠨ | ᠬᠤᠯᠪᠣᠭ᠎ᠠ ᠲᠠᠢ ᠬᠠᠮᠲᠤᠷᠠᠨ 30 ᠭᠠᠷᠤᠢ ᠵᠡᠮᠳᠡᠭ ᠨᠠᠶᠢᠵᠠ ᠨᠠᠷ ᠤᠨ ᠲᠥᠯᠥᠭᠡᠯᠡᠭᠴᠢ ᠶᠢ ᠵᠣᠬᠢᠶᠠᠨ ᠪᠠᠶᠢᠭᠤᠯᠵᠤ ᠳ᠋ᠠ | ᠮᠥᠸᠧ ᠲᠣᠣᠷᠠᠢ ᠶᠢᠨ ᠤᠢ ᠶᠢᠨ ᠦᠵᠡᠮᠵᠢ ᠶᠢᠨ ᠣᠷᠣᠨ ᠳᠤ ᠵᠤᠭᠠᠴᠠᠨ ᠲᠤᠭᠤᠷᠢᠭᠤᠯᠬᠤ ᠠᠵᠢᠯᠯᠠᠭ᠎ᠠ ᠥᠷᠨᠢᠭᠦᠯᠪᠡ᠃ | | ᠦᠵᠡᠮᠵᠢ ᠶᠢᠨ ᠣᠷᠣᠨ ᠳᠤ᠂ ᠦᠵᠡᠮᠵᠢ ᠶᠢᠨ ᠣᠷᠣᠨ ᠤ ᠲᠠᠶᠢᠯᠪᠤᠷᠢᠯᠠᠭᠴᠢ ᠶᠢᠨ ᠳᠠᠭᠠᠭᠤᠯᠭ᠎ᠠ ᠪᠠᠷ ᠨᠤᠳᠤᠭ | ᠤᠰᠤᠨ ᠤ ᠪᠠᠨ ᠦᠵᠡᠰᠬᠦᠯᠡᠩᠲᠦ ᠰᠠᠶᠢᠬᠠᠨ ᠦᠵᠡᠮᠵᠢ ᠶᠢ ᠰᠤᠨᠢᠷᠬᠠᠵᠤ᠂ ᠭᠠᠷ ᠤᠳᠠᠰᠤ ᠪᠠᠷ ᠢᠶᠠᠨ ᠡᠨᠡ ᠰᠠᠶᠢᠬᠠᠨ | ᠪᠠᠶᠠᠷᠳᠤ ᠴᠠᠭ ᠮᠦᠴᠡ ᠪᠠᠨ ᠲᠤᠷᠠᠰᠤᠨ ᠳᠡᠮᠳᠡᠭᠯᠡᠨ᠎ᠡ ᠃ | ᠰᠠᠭᠤᠭᠠᠯᠢ ᠠᠷᠠᠳ ᠱᠠᠩ ᠴᠤᠤ ᠶᠠᠩ ᠄ ︽ ᠡᠨᠡ ᠤᠳᠠᠭᠠᠨ ᠤ ᠲᠣᠭᠤᠷᠢᠨ ᠦᠵᠡᠬᠦ ᠠᠵᠢᠯᠯᠠᠭ᠎ᠠ ᠨᠢ | ᠪᠢᠳᠡᠨ ᠳᠤ ᠡᠬᠡ ᠪᠠᠶᠢᠭᠠᠯᠢ ᠶᠢᠨ ᠦᠵᠡᠰᠬᠦᠯᠡᠩᠲᠦ ᠰᠠᠶᠢᠬᠠᠨ ᠭᠤᠶᠤ ᠦᠵᠡᠮᠵᠢ ᠶᠢ ᠰᠤᠨᠢᠷᠬᠠᠭᠤᠯᠤᠯ᠎ᠠ ᠃ ᠮᠦᠨᠴᠤ | ᠲᠣᠰ ᠤᠳᠠᠭᠠᠨ ᠤ ᠠᠵᠢᠯᠯᠠᠭ᠎ᠠ ᠨᠢ ᠪᠠᠰᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠮᠠᠨ ᠤ ᠵᠡᠮᠳᠡᠭᠴᠦᠳ ᠢ | ᠬᠠᠯᠠᠮᠵᠢᠯᠠᠨ ᠳᠡᠮᠵᠢᠵᠦ ᠪᠠᠶᠢᠬᠤ ᠶᠢ ᠢᠯᠡᠷᠡᠭᠦᠯᠵᠦ᠂ ᠨᠡᠶᠢᠭᠡᠮ ᠯᠦᠭᠡ ᠡᠶ᠎ᠡ ᠵᠣᠬᠢᠴᠠᠯ ᠲᠠᠢ ᠠᠭᠤᠰᠤᠯᠴᠠᠬᠤ ᠶᠢ | ᠠᠬᠢᠭᠤᠯᠤᠭᠰᠠᠨ ᠪᠠᠶᠢᠨ᠎ᠠ ︾ ᠭᠡᠪᠡ ᠃ | ᠠᠵᠢᠯᠯᠠᠭ᠎ᠠ ᠶᠢ ᠦᠷᠨᠢᠬᠦᠯᠦᠭᠰᠡᠨ ᠨᠢ᠂ ᠨᠠᠩ ᠣᠯᠠᠨ ᠵᠡᠮᠳᠡᠭ ᠬᠥᠮᠥᠰ ᠢ ᠭᠡᠷ ᠠᠴᠠ ᠨᠢ ᠭᠠᠷᠭᠠᠵᠤ᠂ ᠡᠬᠡ | ᠪᠠᠶᠢᠭᠠᠯᠢ ᠶᠢᠨ ᠥᠨᠢᠳᠡ ᠶᠢᠨ ᠬᠥᠭᠵᠢᠯᠲᠡ ᠶᠢᠨ ᠷᠢᠳᠢ ᠰᠢᠳᠢ ᠶᠢ ᠮᠡᠳᠡᠷᠡᠭᠦᠯᠦᠨ᠂ ᠰᠠᠶᠢᠨ ᠰᠠᠶᠢᠬᠠᠨ ᠠᠮᠢᠳᠤᠷᠠᠯ ᠤᠨ | ᠲᠤᠬᠠᠢ ᠬᠦᠰᠡᠯ ᠡᠷᠡᠮᠡᠯᠵᠡᠯ ᠢᠶᠠᠷ ᠪᠢᠯᠬᠠᠮ᠎ᠠ ᠪᠤᠯᠭᠠᠬᠤ ᠪᠤᠯᠤᠨ᠎ᠠ᠃ | |