ᠰᠠᠨᠰᠠᠷ ᠤᠨ ᠠᠶᠠᠯᠠᠯ ᠤᠨ ᠵᠡᠭᠦᠳᠦ ᠪᠠᠨ ᠲᠡᠷᠭᠡᠯᠰᠢᠭᠦᠯᠵᠦ᠂ ᠬᠤᠪᠢᠯᠭᠠᠨ ᠣᠩᠭᠤᠴᠠ ᠶᠢ  ᠠᠮᠤᠷ ᠲᠦᠪᠰᠢᠨ ᠬᠡᠷ ᠲᠤ ᠪᠠᠨ ᠬᠠᠷᠢᠬᠤ ᠶᠢ ᠰᠠᠬᠢᠨ ᠬᠠᠮᠠᠭᠠᠯᠠᠪᠠ
ᠨᠡᠶᠢᠲᠡᠯᠡᠭᠰᠡᠨ ᠴᠠᠭ᠄
2024/5/6
    ᠰᠠᠶᠢᠬᠠᠨᠲᠤᠤᠷᠠᠢ ᠰᠤᠮᠤ ︽ᠬᠤᠪᠢᠯᠭᠠᠨ ᠣᠩᠭᠤᠴᠠ ᠠᠷᠪᠠᠨ ᠳᠣᠯᠣᠳᠤᠭᠠᠷ︾᠎  ᠬᠥᠮᠦᠨ ᠰᠠᠭᠤᠯᠭᠠᠭᠰᠠᠨ ᠨᠢᠰᠬᠦ ᠣᠩᠭᠤᠴᠠ ᠶᠢᠨ ᠪᠤᠴᠠᠯᠲᠠ ᠶᠢᠨ ᠦᠷᠦᠭᠡ ᠶᠢ ᠡᠷᠢᠵᠦ ᠠᠪᠤᠷᠠᠬᠤ ᠪᠠᠲᠤᠯᠠᠭ᠎ᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃       ᠪᠡᠬᠡᠵᠢᠩ ᠤᠨ ᠴᠠᠭ ᠢᠶᠠᠷ 4 ᠰᠠᠷ᠎ᠠ ᠶᠢᠨ 30᠎ ᠤ ᠡᠲᠦᠷ ᠤᠨ 17 ᠴᠠᠭ 46 ᠮᠢᠨᠦ᠋ᠲ ᠲᠤ ᠬᠤᠪᠢᠯᠭᠠᠨ ᠤᠩᠭᠤᠴᠠ ᠶᠢᠨ ᠰᠠᠶᠢᠨ ᠲᠤᠷ᠎ᠠ ᠶᠢᠨ ᠦᠢᠯᠡᠴᠢᠯᠡᠬᠡᠨ ᠤ ᠠᠩᠭᠢ ᠶᠢᠨ ᠠᠩᠬᠠᠷᠤᠯ  ᠲᠤᠤᠷ᠎ᠠ᠂ ᠬᠤᠪᠢᠯᠭᠠᠨ ᠤᠩᠭᠤᠴᠠ ᠠᠷᠪᠡᠨ ᠲᠤᠯᠤᠲᠤᠭᠠᠷ ᠬᠦᠮᠦᠨ ᠠᠴᠢᠶᠠᠯᠠᠭᠰᠠᠨ ᠰᠠᠨᠰᠠᠷ ᠤᠨ ᠤᠩᠭᠤᠴᠠ ᠡᠵᠡᠨ᠎ᠡ ᠬᠤᠰᠢᠭᠤᠨ ᠤ ᠳ᠋ᠦᠩᠹᠧᠩ ᠲᠠᠯᠠᠪᠤᠷ ᠲᠤ ᠠᠮᠵᠢᠯᠲᠠ ᠲᠠᠢ ᠪᠠᠭᠤᠪᠠ᠂  ᠪᠠᠭᠤᠭᠰᠠᠨ ᠴᠡᠭ ᠨᠢ ᠰᠠᠶᠢᠬᠠᠨᠲᠤᠤᠷᠠᠢ ᠰᠤᠮᠤᠨ ᠤ ᠬᠢᠯᠢ ᠳᠤ ᠪᠠᠶᠢᠳᠠᠭ᠃ ᠪᠠᠭᠤᠷᠠᠯᠲᠠ ᠨᠢ ᠬᠠᠨ ᠳᠡᠭᠷᠢ ᠠᠯᠠᠱᠠ ᠪᠠ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ ᠲᠠᠶᠢᠯᠤᠭᠳᠠᠰᠢ ᠦᠭᠡᠢ ᠬᠤᠪᠢ ᠨᠡᠮᠡᠷᠢ ᠶᠢ ᠲᠥᠯᠥᠭᠡᠯᠡᠵᠦ ᠪᠠᠶᠢᠬᠤ ᠪᠥᠭᠡᠳ ᠠᠭᠤᠤ ᠶᠡᠭᠡ ᠡᠬᠡ ᠤᠯᠤᠰ ᠠᠴᠠ ᠥᠪᠥᠷ ᠮᠣᠩᠭᠤᠯ ᠳᠤ ᠣᠯᠭᠤᠭᠰᠠᠨ ᠢᠷᠠᠭᠤ ᠠᠯᠳᠠᠷᠳᠤ ᠬᠠᠷᠢᠭᠤᠴᠠᠯᠭ᠎ᠠ ᠶᠢ ᠲᠥᠯᠥᠭᠡᠯᠡᠵᠦ᠂ ᠨᠡᠩ ᠴᠤ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ᠤᠨ ᠬᠥᠭᠵᠢᠯᠲᠡ ᠶᠢᠨ ᠲᠡᠦᠬᠡᠨ ᠳᠡᠭᠡᠷᠡᠬᠢ ᠭᠠᠶᠢᠬᠠᠮᠰᠢᠭᠲᠤ ᠪᠢᠴᠢᠯᠭᠡ ᠪᠣᠯᠤᠨ᠎ᠠ︕     ︽ᠴᠤᠭᠯᠠᠷᠠᠯ ᠤᠨ ᠳᠣᠬᠢᠶ᠎ᠠ︾ ᠬᠠᠩᠬᠢᠨᠠᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠬᠤᠷᠢᠶᠠᠨ ᠠᠪᠬᠤ ᠶᠢ ᠪᠠᠲᠤᠯᠠᠪᠠ᠃ ᠰᠠᠶᠢᠬᠠᠨᠲᠤᠤᠷᠠᠢ ᠰᠤᠮᠤ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠲᠠ ᠴᠢᠩᠭ᠎ᠠ ᠪᠠᠶᠢᠷᠢᠯᠠᠭᠤᠯᠵᠤ᠂ ᠬᠤᠪᠢᠯᠭᠠᠨ‌ᠤᠩᠭᠤᠴᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠶᠢ ᠴᠤᠭᠯᠠᠭᠤᠯᠵᠤ᠂ ᠬᠤᠷᠢᠶᠠᠨ ᠠᠪᠴᠤ ᠪᠠᠲᠤᠯᠠᠬᠤ ᠡᠮᠦᠨᠡᠬᠢ ᠬᠤᠭᠤᠴᠠᠭᠠᠨ ᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠰᠠᠨᠰᠠᠷᠴᠢᠨ ᠤ ᠭᠡᠷ ᠲᠡᠭᠡᠨ ᠬᠠᠷᠢᠬᠤ ᠶᠢ ᠤᠭᠲᠤᠪᠠ᠃ 4 ᠰᠠᠷ᠎ᠠ ᠶᠢᠨ 11᠎ ᠤ ᠡᠳᠦᠷ᠂ ᠰᠤᠮᠤᠨ ᠤ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ᠬᠤᠪᠢᠯᠭᠠᠨ ᠤᠩᠭᠤᠴᠠ ᠬᠠᠮᠠᠭᠠᠯᠠᠬᠤ ᠬᠠᠮᠵᠢᠯᠴᠠᠬᠤ ᠲᠣᠭᠲᠠᠴᠠ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠨᠠᠮ ᠤᠨ ᠲᠤᠭ ᠤᠨ ᠡᠮᠦᠨ᠎ᠡ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠳᠠᠬᠢᠨ ᠡᠷᠭᠢᠴᠡᠭᠦᠯᠵᠦ᠂ ᠤᠭ ᠰᠠᠨᠠᠭ᠎ᠠ ᠪᠠᠨ ᠪᠠᠲᠤ ᠴᠡᠭᠡᠵᠢᠯᠡᠪᠡ᠃ 4 ᠰᠠᠷ᠎ᠠ ᠶᠢᠨ 17᠎ ᠤ ᠡᠳᠦᠷ᠂ ᠬᠤᠶᠠᠷ ᠢ ᠬᠦᠷᠢᠶᠡᠯᠡᠬᠦ ᠲᠤᠰᠬᠠᠶ ᠰᠡᠳᠦᠪᠲᠦ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠶᠠᠷ ᠢ ᠬᠦᠷᠢᠶᠡᠯᠡᠬᠦ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠪᠡ᠃ ᠳ᠋ᠦᠩᠹᠧᠩ ᠰᠠᠨᠰᠠᠷ ᠤᠨ ᠠᠶᠠᠯᠠᠯ ᠤᠨ ᠬᠤᠲᠠ ᠶᠢᠨ ᠰᠠᠨᠰᠠᠷ ᠤᠨ ᠠᠶᠠᠯᠠᠯ ᠤᠨ ᠠᠪᠤᠷᠠᠨ ᠲᠤᠰᠠᠯᠠᠬᠤ ᠠᠩᠭᠢ ᠶᠢᠨ ᠤᠳᠤᠷᠢᠳᠤᠯᠭ᠎ᠠ ᠬᠠᠷᠢᠶᠠᠲᠤ ᠣᠷᠣᠨ ᠤ ᠮᠠᠯᠴᠢᠨ ᠲᠠᠷᠢᠶᠠᠴᠢᠨ ᠢ ᠲᠣᠬᠤᠨᠢᠭᠤᠯᠵᠤ᠂ ᠬᠠᠷᠢᠶᠠᠲᠤ ᠣᠷᠣᠨ ᠤ 4 ᠡᠷᠦᠬᠡ ᠮᠠᠯᠴᠢᠨ ᠲᠠᠷᠢᠶᠠᠴᠢᠨ ᠳᠤ ︽ᠬᠤᠪᠢᠯᠭᠠᠨ ᠣᠩᠭᠤᠴᠠ ᠠᠷᠪᠠᠨ ᠳᠣᠯᠣᠳᠤᠭᠠᠷ ᠬᠥᠮᠦᠨ ᠰᠠᠭᠤᠯᠭᠠᠭᠰᠠᠨ ᠨᠢᠰᠬᠦ ᠣᠩᠭᠤᠴᠠ ᠶᠢ ᠡᠷᠢᠵᠦ ᠠᠪᠤᠷᠠᠬᠤ ᠡᠭᠦᠷᠭᠡ ᠶᠢᠨ ᠨᠡᠷ᠎ᠡ ᠬᠦᠨᠳᠦᠲᠦ         ︿ᠰᠠᠨᠰᠠᠷ ᠤᠨ ᠠᠶᠠᠯᠠᠯ ᠤᠨ ᠠᠪᠤᠷᠠᠨ ᠲᠤᠰᠠᠯᠠᠬᠤ ᠬᠤᠯᠪᠣᠭᠠᠴᠢᠨ﹀᠎ ᠤ ᠦᠨᠡᠮᠯᠡᠯ ᠣᠯᠭᠤᠵᠤ᠂ ᠮᠠᠯᠴᠢᠨ ᠲᠠᠷᠢᠶᠠᠴᠢᠨ ᠨᠦᠬᠦᠳ ᠨᠠᠷ ᠤᠨ ᠪᠤᠴᠠᠯᠲᠠ ᠶᠢᠨ ᠦᠷᠦᠭᠡ ᠶᠢ ᠡᠷᠢᠵᠦ ᠠᠪᠤᠷᠠᠬᠤ ᠡᠭᠦᠷᠭᠡ ᠳᠤ ᠦᠵᠡᠭᠦᠯᠦᠭᠰᠡᠨ ᠬᠤᠪᠢ ᠨᠡᠮᠡᠷᠢ ᠳᠤ  ᠲᠠᠯᠠᠷᠬᠠᠯ ᠢᠶᠠᠨ ᠢᠯᠡᠳᠬᠡᠪᠡ᠃    ︽ᠰᠠᠨᠠᠭᠠᠴᠢᠯᠠᠭᠠᠲᠤ ᠳᠠᠶᠢᠯᠠᠯᠳᠤᠭᠠᠨ︾᠎ ᠢ ᠰᠠᠶᠢᠲᠤᠷ ᠬᠢᠵᠦ᠂ ᠤᠬᠠᠭᠤᠯᠵᠤ ᠲᠠᠷᠬᠠᠭᠠᠬᠤ ᠬᠤᠶᠠᠷ ᠢ ᠰᠠᠭᠠᠲᠠᠭᠠᠬᠤ ᠥᠬᠡᠶ ᠪᠠᠶᠢᠬᠤ ᠶᠢ ᠤᠬᠠᠭᠤᠯᠪᠠ᠃ ᠬᠤᠷᠢᠶᠠᠨ ᠠᠪᠴᠤ ᠪᠠᠲᠤᠯᠠᠬᠤ ᠠᠵᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢᠨ ᠲᠥᠯᠥᠭᠡ᠂ ᠬᠤᠪᠢᠯᠭᠠᠨ ᠣᠩᠭᠤᠴᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠡᠷᠲᠡ ᠠᠴᠠ ᠭᠠᠷᠳᠠᠨ ᠬᠢᠵᠦ᠂ ᠡᠷᠲᠡ ᠠᠴᠠ ᠪᠡᠯᠡᠳᠬᠡᠵᠦ᠂ ︽ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ︾᠂ ︽ᠨᠢᠭᠤᠴᠠ ᠶᠢ ᠬᠠᠮᠠᠭᠠᠯᠠᠬᠤ ᠤᠬᠠᠭᠤᠯᠭ᠎ᠠ ᠬᠥᠮᠦᠵᠢᠯ ᠤᠨ ᠰᠠᠷ᠎ᠠ︾᠂ ︽ᠮᠢᠩᠭᠠᠨ ᠪᠣᠲᠣᠭᠤ ᠶᠢᠨ ᠪᠠᠶᠠᠷ︾ ᠵᠡᠷᠭᠡ ᠠᠵᠢᠯᠯᠠᠭ᠎ᠠ ᠶᠢᠨ ᠠᠵᠠ ᠲᠣᠬᠢᠶᠠᠯ ᠢ ᠠᠰᠢᠭᠯᠠᠨ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠮᠤᠷ ᠲᠦᠪᠰᠢᠨ ᠤ ᠤᠬᠠᠭᠤᠯᠭ᠎ᠠ᠂ ᠬᠥᠮᠦᠰ ᠢ ᠲᠠᠷᠬᠠᠭᠠᠬᠤ᠂ ᠮᠠᠯ ᠤᠨᠤᠭ᠎ᠠ ᠶᠢ ᠰᠢᠯᠵᠢᠭᠦᠯᠬᠦ ᠵᠡᠷᠭᠡ ᠡᠯ᠎ᠡ ᠵᠦᠢᠯ ᠤᠨ ᠠᠵᠢᠯ ᠢ ᠪᠥᠬᠦ ᠲᠠᠯ᠎ᠠ ᠪᠠᠷ᠂ ᠣᠯᠠᠨ ᠲᠠᠯ᠎ᠠ ᠠᠴᠠ ᠥᠷᠨᠢᠭᠦᠯᠪᠡ᠃ ᠣᠶᠢᠷ᠎ᠠ ᠶᠢᠨ ᠡᠳᠦᠷ ᠤᠳ ᠲᠤ᠂ ᠬᠤᠪᠢᠯᠭᠠᠨ ᠣᠩᠭᠤᠴᠠ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠡᠶᠢᠲᠡ 65 ᠮᠠᠯᠴᠢᠨ ᠲᠠᠷᠢᠶᠠᠴᠢᠨ ᠢ ᠲᠠᠷᠬᠠᠭᠠᠵᠤ᠂ 700 ᠬᠥᠮᠦᠨ ᠤᠳᠠᠭ᠎ᠠ ᠶᠢ ᠤᠬᠠᠭᠤᠯᠤᠨ ᠳᠠᠶᠢᠴᠢᠯᠠᠵᠤ᠂ 500 ᠲᠦᠮᠡᠨ ᠮᠥ ᠨᠤᠲᠤᠭ ᠪᠡᠯᠴᠢᠭᠡᠷ ᠢ ᠰᠤᠯᠠᠯᠠᠨ ᠭᠠᠷᠭᠠᠵᠤ᠂ ᠰᠠᠶᠢᠬᠠᠨᠲᠤᠤᠷᠠᠢ  ᠰᠤᠮᠤᠨ ᠤ ᠬᠢᠯᠢ ᠳᠣᠲᠣᠷᠠᠬᠢ ᠭᠠᠵᠠᠷ ᠪᠤᠯᠭᠠᠨ ᠳᠤ ᠲᠡᠳᠡᠨ ᠤ ᠡᠬᠡ ᠤᠯᠤᠰ ᠤᠨ ᠰᠠᠨᠰᠠᠷ ᠤᠨ ᠠᠶᠠᠯᠠᠯ ᠤᠨ ᠦᠢᠯᠡᠰ ‍ᠤᠨ‌ᠡᠷᠡᠰ ᠬᠠᠮᠠᠭᠠᠯᠠᠭᠰᠠᠨ ᠤᠯᠠ ᠮᠥᠷ ᠢ ᠦᠯᠡᠳᠡᠭᠡᠵᠦ  ᠂ ᠪᠠᠭᠤᠬᠤ ᠲᠠᠯᠠᠪᠤᠷ ᠵᠢᠴᠢ ᠭᠠᠳᠠᠷ ᠲᠠᠯ᠎ᠠ ᠶᠢᠨ ᠠᠮᠤᠷ ᠲᠦᠪᠰᠢᠨ ᠢ ᠪᠠᠲᠤᠯᠠᠵᠤ᠂ ᠲᠣᠰ ᠤᠳᠠᠭᠠᠨ ᠤ ᠡᠷᠢᠵᠦ ᠠᠪᠤᠷᠬᠠᠤ ᠠᠵᠢᠯ ᠳᠤ ᠪᠥᠬᠦ ᠬᠦᠴᠦᠨ ᠢᠶᠠᠷ ᠢᠶᠠᠨ ᠬᠠᠮᠵᠢᠯᠴᠠᠪᠠ᠃    ︽ᠠᠶᠠᠨ ᠲᠠᠶᠢᠨ ᠤ ᠬᠡᠩᠭᠡᠷᠭᠡ︾᠎ ᠶᠢ ᠴᠤᠤᠷᠢᠶᠠᠲᠤᠵᠤ᠂ ᠨᠠᠷᠢᠨ ᠨᠢᠮᠪᠠᠢ ᠪᠠᠶᠢᠷᠢᠯᠠᠭᠤᠯᠵᠤ ᠴᠢᠩᠭ᠎ᠠ ᠨᠠᠶᠢᠳᠠᠪᠤᠷᠢᠵᠢᠭᠤᠯᠪᠠ᠃ ᠰᠠᠶᠢᠬᠠᠨᠲᠤᠤᠷᠠᠢ ᠰᠤᠮᠤ ︽ᠬᠤᠪᠢᠯᠭᠠᠨ ᠣᠩᠭᠤᠴᠠ ᠠᠷᠪᠠᠨ ᠳᠣᠯᠣᠳᠤᠭᠠᠷ︾ ᠬᠥᠮᠦᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠡᠭᠦᠷᠭᠡ ᠶᠢᠨ ᠪᠤᠴᠠᠬᠤ ᠬᠡᠰᠡᠭ ᠤᠨ ᠴᠡᠷᠢᠭ ᠠᠩᠭᠢ ᠪᠠ ᠣᠷᠣᠨ ᠨᠤᠲᠤᠭ ᠬᠠᠮᠲᠤᠷᠠᠨ ᠡᠷᠢᠵᠦ ᠠᠪᠤᠷᠠᠬᠤ ᠪᠠᠲᠤᠯᠠᠭ᠎ᠠ ᠶᠢᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠤᠨ᠂ ᠬᠠᠷᠠᠯᠲᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠭᠤᠣᠯᠳᠠᠯᠭ᠎ᠠ ᠲᠠᠢ ᠣᠷᠣᠨ ᠪᠦᠰᠡ ᠶᠢᠨ ᠬᠠᠮᠲᠤᠷᠠᠨ ᠬᠠᠮᠢᠶᠠᠷᠤᠨ ᠡᠵᠡᠮᠳᠡᠬᠦ ᠳᠦᠷᠢᠮ ᠢ ᠪᠠᠶᠢᠭᠤᠯᠵᠤ᠂ ᠬᠦᠴᠦᠨ ᠢᠶᠠᠨ ᠵᠣᠬᠢᠶᠠᠨ ᠪᠠᠶᠢᠭᠤᠯᠤᠨ ᠴᠢᠬᠤᠯᠠ ᠨᠡᠪᠲᠡᠷᠡᠬᠦ ᠵᠠᠮ ᠪᠠ ᠭᠤᠣᠯᠳᠠᠯᠭ᠎ᠠ ᠲᠠᠢ ᠭᠠᠵᠠᠷ ᠣᠷᠣᠨ ᠳᠤ ᠲᠣᠭᠤᠷᠢᠨ ᠴᠠᠭᠳᠠᠬᠤ ᠠᠵᠢᠯ ᠢ ᠥᠷᠨᠢᠭᠦᠯᠵᠦ᠂ ᠬᠠᠷᠢᠶ᠎ᠠ ᠣᠷᠣᠨ ᠤ ᠳᠣᠲᠣᠷᠠᠬᠢ ᠲᠣᠭᠲᠠᠭᠤᠨ ᠪᠤᠰᠤ ᠬᠦᠴᠦᠨ ᠵᠦᠢᠯ ᠢ ᠪᠦᠬᠦ ᠬᠦᠴᠦᠨ ᠢᠶᠠᠷ ᠢᠶᠠᠨ ᠵᠢᠭᠰᠠᠭᠠᠨ ᠪᠠᠶᠢᠴᠠᠭᠠᠵᠤ᠂ ᠬᠤᠷᠢᠶᠠᠨ ᠠᠪᠴᠤ ᠪᠠᠲᠤᠯᠠᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ ᠪᠠᠲᠤᠯᠠᠪᠠ᠃ ᠳᠠᠷᠠᠭ᠎ᠠ ᠨᠢ᠂ ᠡᠵᠡᠨ᠎ᠡ ᠬᠤᠰᠢᠭᠤᠨ ᠤ  ᠬᠤᠪᠢᠯᠭᠠᠨ ᠤᠩᠭᠤᠴᠠ ᠠᠷᠪᠠᠨ ᠳᠣᠯᠣᠳᠤᠭᠠᠷ ᠬᠥᠮᠦᠨ ᠰᠠᠭᠤᠯᠭᠠᠭᠰᠠᠨ ᠨᠢᠰᠬᠦ ᠣᠩᠭᠤᠴᠠ ᠶᠢ ᠡᠷᠢᠵᠦ ᠠᠪᠤᠷᠠᠬᠤ ᠡᠭᠦᠷᠭᠡ ᠪᠠᠶᠢᠯᠳᠤᠭᠠᠨ ᠤ ᠡᠮᠦᠨᠡᠬᠢ ᠲᠠᠶᠢᠴᠢᠯᠠᠯᠳᠠ ᠶᠢᠨ ᠲᠠᠩᠭᠠᠷᠢᠭᠯᠠᠬᠤ ᠶᠡᠭᠡ ᠬᠤᠷᠠᠯ ᠢ ᠬᠤᠷᠠᠯᠳᠤᠭᠤᠯᠵᠤ᠂ ᠶᠡᠭᠡ ᠬᠤᠷᠠᠯ ᠠᠴᠠ ᠲᠠᠶᠢᠴᠢᠯᠠᠯᠳᠠ ᠶᠢᠨ ᠵᠠᠷᠯᠢᠭ ᠨᠡᠶᠢᠲᠡᠯᠡᠵᠦ᠂ ᠲᠤᠰ ᠤᠳᠠᠭ᠎ᠠ ᠶᠢᠨ ᠠᠵᠢᠯ ᠤᠨ ᠡᠭᠦᠷᠭᠡ ᠶᠢᠨ ᠲᠤᠬᠠᠢ ᠴᠢᠬᠤᠯᠠ ᠪᠠᠶᠢᠷᠢᠯᠠᠭᠤᠯᠤᠯᠲᠠ ᠪᠠ ᠲᠠᠶᠢᠴᠢᠯᠠᠯᠳᠠ ᠲᠠᠩᠭᠠᠷᠢᠭᠯᠠᠵᠤ᠂ ᠪᠦᠬᠦ ᠭᠡᠰᠢᠭᠦᠳ ᠢ ᠦᠵᠡᠯ  ᠰᠠᠨᠠᠭ᠎ᠠ ᠪᠠᠨ ᠴᠢᠩᠭᠠᠯᠠᠵᠤ᠂ ᠪᠦᠬᠦ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠰᠡᠳᠬᠢᠯ ᠢᠶᠠᠷ ᠢᠶᠠᠨ ᠣᠷᠣᠯᠴᠠᠵᠤ᠂ ᠡᠯ᠎ᠡ ᠵᠦᠢᠯ ᠤᠨ ᠰᠠᠨᠰᠠᠷ ᠤᠨ ᠠᠶᠠᠯᠠᠯ ᠤᠨ ᠠᠪᠤᠷᠠᠨ ᠲᠤᠰᠠᠯᠠᠬᠤ ᠡᠭᠦᠷᠭᠡ ᠳᠤ ᠥᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠵᠣᠷᠢᠭᠵᠢᠭᠤᠯᠪᠠ᠃    ︽ᠪᠢᠲᠡᠭᠦᠮᠵᠢᠯᠡᠨ ᠡᠵᠡᠮᠳᠡᠬᠦ ᠴᠡᠭ︾᠎ ᠢ ᠰᠠᠢᠲᠤᠷ ᠰᠠᠬᠢᠵᠤ᠂ ᠠᠵᠢᠯ ᠤᠨ ᠪᠠᠢᠷᠢ ᠪᠠᠨ ᠪᠠᠲᠤ ᠰᠠᠬᠢᠵᠤ ᠢᠯᠠᠯᠲᠠ ᠲᠠᠢ ᠪᠠᠷ ᠪᠤᠴᠠᠵᠤ ᠢᠷᠡᠬᠦ ᠶᠢ ᠬᠠᠮᠠᠭᠠᠯᠠᠪᠠ᠃ 4 ᠰᠠᠷ᠎ᠠ ᠶᠢᠨ 30᠎ ᠤ ᠡᠳᠦᠷ ᠤᠨ ᠦᠳᠡ ᠶᠢᠨ ᠬᠤᠶᠢᠨ᠎ᠠ᠂ ᠬᠤᠪᠢᠯᠭᠠᠨ ᠣᠩᠭᠤᠴᠠᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠭᠰᠠᠨ ᠵᠢᠯᠣᠭᠤᠳᠬᠤ ᠭᠠᠵᠠᠷ ᠤᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ 17 ᠠᠵᠢᠭᠯᠠᠯᠲᠠ ᠶᠢᠨ ᠴᠡᠭ ᠲᠤ ᠬᠦᠷᠴᠦ᠂ ᠣᠯᠠᠨ ᠢᠶᠠᠷ ᠢᠶᠠᠨ ᠲᠤᠰ ᠲᠤᠰ ᠲᠠᠭᠠᠨ ᠬᠥᠳᠡᠯᠦᠯᠴᠡᠵᠦ᠂ ᠲᠦᠷᠭᠡᠨ ᠬᠥᠳᠡᠯᠦᠯᠴᠡᠵᠦ᠂ ᠨᠢᠭᠲᠠ ᠬᠠᠮᠵᠢᠯᠴᠠᠵᠤ᠂ ᠲᠡᠳᠡ ᠳᠠᠯᠠᠢ ᠶᠢᠨ ᠶᠠᠪᠤᠳᠠᠯ ᠤᠨ ᠳᠠᠭᠠᠭᠤᠯᠢ ᠣᠳᠣᠨ ᠤ ᠤᠲᠠᠰᠤ ᠪᠣᠯᠤᠨ GPS ᠭᠠᠷᠳᠠᠵᠤ᠂ ᠬᠡᠭᠡᠷ᠎ᠡ ᠶᠢᠨ ᠲᠡᠷᠭᠡᠨ ᠳᠤ ᠰᠠᠭᠤᠵᠤ᠂ ᠪᠦᠬᠦ ᠲᠠᠯ᠎ᠠ ᠶᠢᠨ᠂ ᠤᠯᠠᠨ ᠲᠡᠰ ᠳᠠᠪᠬᠤᠷᠭ᠎ᠠ ᠶᠢᠨ ᠠᠵᠢᠭᠯᠠᠯᠲᠠ ᠶᠢᠨ ᠰᠡᠷᠭᠡᠶᠢᠯᠡᠯᠲᠡ ᠶᠢᠨ ᠰᠢᠰᠲ᠋ᠧᠮ ᠢ ᠬᠠᠮᠲᠤ ᠪᠠᠷ ᠪᠠᠶᠢᠭᠤᠯᠵᠤ᠂ ᠬᠤᠪᠢᠯᠭᠠᠨ ᠣᠩᠭᠤᠴᠠ ᠠᠷᠪᠠᠨ ᠳᠣᠯᠣᠳᠤᠭᠠᠷ ᠪᠤᠴᠠᠯᠲᠠ ᠶᠢᠨ ᠦᠷᠦᠬᠡ ᠶᠢ ᠬᠤᠷᠢᠶᠠᠨ ᠠᠪᠴᠤ ᠪᠠᠲᠤᠯᠠᠬᠤ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠵᠤ᠂ ᠰᠠᠨᠰᠠᠷ ᠤᠨ ᠠᠶᠠᠯᠠᠯ ᠤᠨ ᠪᠠᠭᠠᠲᠤᠷᠴᠤᠳ ᠢ ᠠᠮᠤᠷ ᠲᠦᠪᠰᠢᠨ ᠢᠶᠠᠷ ᠭᠡᠷ ᠲᠡᠭᠡᠨ ᠬᠠᠷᠢᠬᠤ ᠶᠢ ᠤᠭᠲᠤᠪᠠ᠃ 
 
ᠢᠷᠡᠯᠲᠡ᠄ ᠰᠠᠶᠢᠬᠠᠨᠲᠤᠤᠷᠠᠢ ᠰᠤᠮᠤ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号