ᠮᠠᠨ ᠤ ᠬᠤᠰᠢᠭᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠦᠷᠢᠮᠵᠢᠭᠰᠡᠨ ᠬᠢᠲᠠᠳ ᠦᠰᠦᠭ ᠤᠨ ᠰᠣᠨᠣᠰᠴᠤ ᠪᠢᠴᠢᠬᠦ ᠤᠷᠤᠯᠳᠤᠭᠠᠨ ᠬᠢᠪᠡ
ᠨᠡᠶᠢᠲᠡᠯᠡᠭᠰᠡᠨ ᠴᠠᠭ᠄
2024/5/8
      ᠣᠶᠢᠷ᠎ᠠ ᠶᠢᠨ ᠡᠳᠦᠷ᠂ ᠮᠠᠨ ᠤ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠦᠷᠢᠮᠵᠢᠭᠰᠡᠨ ᠬᠢᠲᠠᠳ ᠦᠰᠦᠭ ᠤᠨ ᠰᠣᠨᠣᠰᠴᠤ ᠪᠢᠴᠢᠬᠦ ᠤᠷᠤᠯᠳᠤᠭᠠᠨ ᠶᠠᠪᠤᠭᠳᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠱᠢ ᠲᠢᠩ᠂ ᠬᠤᠰᠢᠭᠤᠨ ᠤ ᠳᠡᠳ᠋ ᠳᠠᠷᠤᠭ᠎ᠠ ᠶᠧ ᠢᠦᠢ ᠰᠢᠶᠠ ᠠᠵᠢᠯᠯᠠᠭ᠎ᠠ ᠳᠤ ᠣᠷᠣᠯᠴᠠᠵᠠᠢ᠃      ᠲᠣᠰ ᠤᠳᠠᠭᠠᠨ ᠤ ᠤᠷᠤᠯᠳᠤᠭᠠᠨ ᠢ ᠲᠠᠪᠤᠨ ᠶᠠᠪᠤᠴᠠ ᠪᠠᠷ ᠲᠤᠬᠢᠷᠠᠭᠤᠯᠵᠤ᠂ ᠭᠤᠤᠯᠳᠠᠭᠤ 2013 ᠣᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠨᠡᠶᠢᠲᠡᠯᠡᠭᠰᠡᠨ ᠨᠡᠶᠢᠳᠡᠮ ᠬᠡᠷᠡᠭᠯᠡᠬᠦ ᠳᠦᠷᠢᠮᠵᠢᠭᠰᠡᠨ ᠬᠢᠲᠠᠳ ᠦᠰᠦᠭ ᠤᠨ ᠬᠦᠰᠦᠨᠦᠭᠲᠦ ᠪᠠᠷ ᠭᠤᠣᠯ ᠪᠣᠯᠭᠠᠵᠤ᠂ ᠳᠤᠮᠳᠠᠳᠤ ᠶᠢᠨ ᠤᠯᠠᠮᠵᠢᠯᠠᠯᠲᠤ ᠰᠣᠩᠭᠤᠳᠠᠭ ᠰᠢᠯᠦᠭ ᠳᠠᠭᠤᠯᠠᠯ ᠤᠨ ᠬᠤᠯᠪᠣᠭᠳᠠᠯ ᠪᠦᠬᠦᠢ ᠠᠭᠤᠯᠭ᠎ᠠ ᠶᠢ ᠵᠣᠬᠢᠬᠤ ᠬᠡᠮᠵᠢᠶ᠎ᠡ ᠪᠠᠷ ᠤᠷᠤᠭᠤᠯᠤᠨ᠂ ᠡᠯ᠎ᠡ ᠰᠤᠷᠭᠠᠭᠤᠯᠢ ᠶᠢᠨ ᠰᠣᠩᠭᠤᠵᠤ ᠭᠠᠷᠭᠠᠭᠰᠠᠨ ᠤᠷᠤᠯᠳᠤᠭᠠᠨ ᠳᠤ ᠣᠷᠣᠯᠴᠠᠭᠰᠠᠨ ᠰᠢᠯᠢᠳᠡᠭ ᠤᠷᠤᠯᠴᠠᠭᠰᠠᠳ ᠢ ᠪᠠᠭ᠎ᠠ ᠰᠤᠷᠭᠠᠭᠤᠯᠢ ᠶᠢᠨ ᠳᠤᠭᠤᠶᠢᠯᠠᠩ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠶᠢᠯᠠᠩ ᠳᠤ ᠬᠤᠪᠢᠶᠠᠵᠤ ᠤᠷᠤᠯᠳᠤᠭᠠᠨ ᠳᠤ ᠤᠷᠤᠯᠴᠠᠭᠤᠯᠪᠠ᠃ ᠤᠷᠤᠯᠳᠤᠭᠠᠨ ᠳᠤ ᠣᠷᠣᠯᠴᠠᠭᠰᠠᠳ ᠰᠡᠳᠬᠢᠯ ᠰᠠᠨᠠᠭ᠎ᠠ ᠪᠠᠨ ᠲᠥᠪᠯᠡᠷᠡᠭᠦᠯᠦᠨ᠂ ᠨᠢᠭᠡ ᠨᠢᠭᠡ ᠵᠢᠷᠤᠯᠭ᠎ᠠ ᠪᠠᠷ ᠨᠠᠷᠢᠨ ᠬᠢᠨᠠᠮᠠᠭᠠᠢ ᠲᠦᠪᠯᠡᠭᠦᠨ ᠬᠢᠴᠢᠶᠡᠩᠭᠦᠶᠢᠯᠡᠨ ᠪᠢᠴᠢᠬᠦ ᠶᠢᠨ ᠬᠠᠮᠲᠤ᠂ ᠬᠢᠲᠠᠳ ᠦᠰᠦᠭ ᠤᠨ ᠥᠪᠡᠷᠮᠢᠴᠡ ᠷᠢᠳᠢ ᠰᠢᠳᠢ ᠨᠢ ᠰᠤᠷᠤᠭᠴᠢᠳ ᠤᠨ ᠪᠢᠷ ᠤᠨ ᠳᠣᠣᠷ᠎ᠠ ᠠᠴᠠ ᠢᠯᠡᠷᠡᠨ᠎ᠡ᠃ ᠲᠤᠰ ᠤᠳᠠᠭᠠᠨ ᠤ ᠤᠷᠤᠯᠳᠤᠭᠠᠨ ᠨᠢ ᠬᠢᠲᠠᠳ ᠦᠰᠦᠭ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠪᠠ ᠬᠢᠲᠠᠳ ᠦᠰᠦᠭ ᠢ ᠳᠦᠷᠢᠮᠵᠢᠭᠦᠯᠦᠨ ᠬᠡᠷᠡᠭᠯᠡᠬᠦ ᠴᠢᠳᠠᠪᠤᠷᠢ ᠶᠢ ᠭᠦᠢᠴᠡᠳ ᠬᠠᠷᠠᠭᠤᠯᠤᠭᠰᠠᠨ ᠪᠠᠶᠢᠨ᠎ᠠ᠃      ᠲᠤᠰ ᠤᠳᠠᠭ᠎ᠠ ᠶᠢᠨ ᠤᠷᠤᠯᠳᠤᠭᠠᠨ ᠨᠢ ᠰᠤᠷᠤᠭᠴᠢᠳ ᠤᠨ ᠬᠢᠲᠠᠳ ᠦᠰᠦᠭ ᠢ ᠳᠦᠷᠢᠮᠵᠢᠭᠦᠯᠦᠨ ᠪᠢᠴᠢᠬᠦ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠪᠠᠰᠠ ᠪᠠᠭᠰᠢ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠠᠶᠢᠷᠠᠯᠠᠬᠤ ᠰᠡᠳᠬᠢᠯᠭᠡ ᠶᠢ ᠨᠡᠮᠡᠭᠳᠡᠭᠦᠯᠵᠦ᠂ ᠰᠤᠷᠤᠭᠴᠢᠳ ᠤᠨ ᠳᠤᠮᠳᠠᠳᠤ ᠶᠢᠨ  ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢᠶᠠᠨ ᠤᠯᠠᠮᠵᠢᠯᠠᠬᠤ ᠶᠢ ᠨᠡᠩ ᠰᠠᠶᠢᠲᠤᠷ ᠤᠷᠮᠠᠰᠢᠭᠤᠯᠤᠨ ᠵᠣᠷᠢᠭᠵᠢᠭᠤᠯᠵᠠᠢ᠃      ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠠᠯᠠᠱᠠ ᠶᠢᠨ ᠳᠤᠮᠳᠠᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠶᠢᠨ ᠳᠡᠳ᠋ ᠵᠠᠬᠢᠷᠤᠯ ᠯᠢᠦ ᠺᠠᠢ ᠭᠦᠸᠧ ᠄  ︽ ᠲᠣᠰ ᠤᠳᠠᠭᠠᠨ ᠤ ᠤᠷᠤᠯᠳᠤᠭᠠᠨ ᠨᠢ ᠰᠢᠨ᠎ᠡ ᠴᠠᠭ ᠦᠶ᠎ᠡ ᠶᠢᠨ ᠰᠤᠷᠤᠭᠴᠢᠳ ᠤᠨ ᠬᠢᠲᠠᠳ ᠬᠡᠯᠡ ᠪᠢᠴᠢᠭ ᠤᠨ ᠰᠠᠶᠢᠨ ᠰᠠᠶᠢᠬᠠᠨ ᠬᠡᠪ ᠪᠣᠯᠪᠠᠰᠤᠷᠠᠯ ᠢ ᠭᠦᠢᠴᠡᠳ ᠢᠯᠡᠷᠡᠭᠦᠯᠵᠦ᠂ ᠲᠡᠳᠡᠨ ᠤ ᠬᠢᠲᠠᠳ ᠥᠰᠥᠭ ᠤᠨ ᠰᠣᠶᠣᠯ ᠳᠠᠬᠢ ᠳᠤᠷ᠎ᠠ ᠰᠣᠨᠢᠷᠬᠠᠯ ᠢ ᠬᠥᠭᠵᠢᠭᠡᠵᠦ ᠴᠢᠳᠠᠨ᠎ᠠ᠃ ᠡᠭᠦᠨ ᠤ ᠬᠠᠮᠲᠤ ᠡᠭᠦᠨ ᠢᠶᠠᠷ ᠠᠵᠠ ᠲᠣᠬᠢᠶᠠᠯ ᠪᠣᠯᠭᠠᠨ᠂ ᠪᠦᠬᠦ ᠪᠠᠭᠰᠢ ᠰᠤᠷᠤᠭᠴᠢᠳ ᠤᠨ ᠠᠮᠢᠳᠤᠷᠠᠯ ᠳᠤᠮᠳᠠ ᠪᠠᠨ ᠢᠯᠡᠭᠦᠬᠡᠨ ᠨᠣᠮ ᠤᠩᠰᠢᠵᠤ᠂ ᠢᠯᠡᠭᠦᠬᠡᠨ ᠪᠢᠷ ᠬᠦᠳᠡᠯᠭᠡᠨ᠂ ᠬᠢᠲᠠᠳ ᠦᠰᠦᠭ ᠤᠨ ᠭᠦᠨ ᠵᠤᠵᠠᠭᠠᠨ ᠠᠭᠤᠯᠬᠤᠨ ᠢ ᠢᠯᠡᠭᠦᠬᠡᠨ ᠬᠤᠷᠠᠮᠳᠤᠭᠤᠯᠬᠤ ᠶᠢ ᠰᠠᠨᠠᠭᠠᠴᠢᠯᠠᠵᠤ᠂ ᠪᠢᠳᠡ ᠰᠠᠶᠢᠨ ᠰᠠᠶᠢᠬᠠᠨ ᠰᠤᠷᠤᠯᠴᠠᠬᠤ ᠠᠭᠤᠷ ᠠᠮᠢᠰᠬᠤᠯ ᠢ ᠦᠷᠭᠦᠯᠵᠢᠯᠡᠨ ᠪᠤᠢ ᠪᠣᠯᠭᠠᠵᠤ᠂ ᠰᠤᠷᠤᠭᠴᠢᠳ ᠢ ᠬᠢᠲᠠᠳ ᠦᠰᠦᠭ ᠤᠨ ᠰᠣᠶᠣᠯ ᠤᠨ ᠤᠮᠳᠠᠯᠠᠯ ᠳᠣᠣᠷ᠎ᠠ ᠳᠠᠪᠰᠢᠭᠤᠯᠤᠨ ᠪᠣᠶᠢᠵᠢᠭᠤᠯᠵᠤ᠂ ᠬᠢᠲᠠᠳ ᠦᠰᠦᠭ ᠤᠨ ᠷᠢᠳᠢ ᠰᠢᠳᠢ ᠶᠢ ᠣᠶᠢᠯᠠᠭᠠᠭᠤᠯᠵᠤ᠂ ᠬᠢᠲᠠᠳ ᠦᠰᠦᠭ ᠤᠨ ᠰᠣᠶᠣᠯ ᠤᠨ ᠳᠡᠯᠭᠡᠷᠡᠭᠦᠯᠦᠭᠴᠢ ᠪᠠ ᠪᠠᠳᠠᠷᠠᠭᠤᠯᠤᠭᠴᠢ ᠪᠣᠯᠭᠠᠨ᠎ᠠ ︾ ᠭᠡᠪᠡ  ᠃ 
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号