ᠮᠠᠨ ᠤ ᠬᠤᠰᠢᠭᠤ ᠬᠡᠰᠡᠭ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠢ ᠵᠣᠬᠢᠶᠠᠨ ᠪᠠᠶᠢᠭᠤᠯᠵᠤ ︽ᠬᠡᠷᠡᠯ ᠰᠠᠴᠤᠷᠠᠩᠭᠤᠢ ᠠᠮᠵᠢᠯᠲᠠ ᠶᠢ ᠮᠠᠭᠲᠠᠨ ᠰᠠᠶᠢᠰᠢᠶᠠᠵᠤ ᠪᠤᠭᠤᠷᠤᠯᠴᠤᠳ ᠤᠨ ᠬᠦᠴᠦᠨ ᠢ ᠨᠢᠭᠲᠠᠷᠠᠭᠤᠯᠤᠶ᠎ᠠ︾ ᠭᠡᠬᠦ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/6/21
    6 ᠰᠠᠷ᠎ᠠ ᠶᠢᠨ 17᠎ ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ ᠬᠡᠰᠡᠭ ᠠᠵᠢᠯ ᠠᠴᠠ ᠪᠠᠨ ᠠᠮᠠᠷᠠᠭᠰᠠᠨ ᠺᠠᠳ᠋ᠷᠴᠤᠳ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠨᠠᠮ ᠤᠨ ᠡᠭᠦᠷ ᠤᠨ ᠱᠦᠵᠢ ᠪᠤᠯᠤᠨ ᠭᠡᠰᠢᠭᠦᠳ ᠢ ᠵᠤᠬᠢᠶᠠᠨ ᠪᠠᠶᠢᠭᠤᠯᠵᠤ᠂ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠤᠷᠤᠨ᠂ ᠰᠤᠪᠨᠠᠭᠤᠷ ᠤᠨ ᠠᠷᠠᠳ ᠤᠨ ᠬᠤᠪᠢᠰᠬᠠᠯ ᠤᠨ ᠬᠥᠮᠦᠵᠢᠯ ᠤᠨ ᠰᠠᠭᠤᠷᠢᠨ ᠵᠡᠷᠭᠡ ᠭᠠᠵᠠᠷ ᠲᠤ ᠬᠦᠷᠴᠦ ︽ᠭᠡᠷᠡᠯ ᠰᠠᠴᠤᠷᠠᠩᠭᠤᠢ ᠠᠮᠵᠢᠯᠲᠠ ᠶᠢ ᠮᠠᠭᠲᠠᠨ ᠰᠠᠶᠢᠰᠢᠶᠠᠵᠤ ᠪᠤᠭᠤᠷᠤᠯᠴᠤᠳ ᠤᠨ ᠬᠦᠴᠦᠨ ᠢ ᠨᠢᠭᠲᠠᠷᠠᠭᠤᠯᠤᠶ᠎ᠠ︾ ᠭᠡᠬᠦ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠶᠢ ᠦᠷᠨᠢᠭᠦᠯᠪᠡ᠃ ᠲᠣᠭᠤᠷᠢᠨ ᠦᠵᠡᠵᠦ ᠪᠠᠶᠢᠴᠠᠭᠠᠨ ᠰᠤᠳᠤᠯᠤᠯᠲᠠ ᠬᠢᠬᠦ᠂ ᠠᠬᠤᠢ ᠲᠠᠯᠠᠪᠠᠢ ᠪᠠᠷ ᠲᠣᠭᠤᠷᠢᠨ ᠦᠵᠡᠬᠦ᠂ ᠶᠠᠷᠢᠯᠴᠠᠨ ᠰᠤᠯᠢᠯᠴᠠᠭ᠎ᠠ ᠬᠢᠬᠦ ᠵᠡᠷᠭᠡ ᠬᠡᠯᠪᠡᠷᠢ ᠪᠠᠷ ᠳᠠᠮᠵᠢᠨ᠂ ᠠᠬᠠᠮᠠᠳ ᠺᠠᠳ᠋ᠷᠴᠤᠳ ᠲᠤ ᠮᠠᠨ ᠤ ᠬᠤᠰᠢᠭᠤᠨ ᠤ ᠬᠥᠭᠵᠢᠯᠲᠡ ᠬᠤᠪᠢᠷᠠᠯᠲᠠ ᠶᠢ ᠣᠶᠢᠯᠠᠭᠠᠭᠤᠯᠪᠠ᠃    ᠲᠤᠰ ᠤᠳᠠᠭᠠᠨ ᠤ ᠪᠠᠶᠢᠴᠠᠭᠠᠨ ᠰᠤᠳᠤᠯᠤᠯᠲᠠ ᠶᠢᠨ ᠠᠵᠢᠯᠯᠠᠭ᠎ᠠ ᠨᠢ ᠠᠬᠠᠮᠠᠳ ᠺᠠᠳ᠋ᠷᠴᠤᠳ ᠲᠤ ᠮᠠᠨ ᠤ ᠬᠤᠰᠢᠭᠤᠨ ᠤ ᠬᠥᠭᠵᠢᠯᠲᠡ ᠬᠤᠪᠢᠷᠠᠯᠲᠠ ᠶᠢ ᠭᠦᠢᠴᠡᠳ ᠣᠶᠢᠯᠠᠭᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠬᠥᠭᠵᠢᠯᠲᠡ ᠬᠤᠪᠢᠷᠠᠯᠲᠠ ᠶᠢᠨ ᠲᠤᠬᠠᠢ ᠦᠨᠡᠨ ᠪᠣᠳᠠᠲᠠᠢ ᠦᠵᠡᠯᠲᠡ᠂ ᠦᠨᠡᠨ ᠪᠣᠳᠠᠲᠠᠢ ᠲᠥᠷᠥᠭᠳᠡᠯ ᠢᠶᠠᠨ ᠶᠠᠷᠢᠵᠤ᠂ ᠠᠬᠠᠮᠠᠳ ᠺᠠᠳ᠋ᠷᠴᠤᠳ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠯᠢᠭᠡᠷ ᠢ ᠰᠠᠶᠢᠲᠤᠷ ᠶᠠᠷᠢᠬᠤ ᠵᠡᠷᠭᠡ ᠲᠠᠯ᠎ᠠ ᠪᠠᠷ ᠪᠤᠭᠤᠷᠤᠯᠴᠤᠳ ᠤᠨ ᠬᠦᠴᠦᠨ ᠢ ᠨᠢᠭᠲᠠᠷᠠᠭᠤᠯᠬᠤ᠂ ᠪᠠᠳᠠᠷᠠᠭᠤᠯᠬᠤ ᠪᠠ ᠳᠠᠮᠵᠢᠭᠤᠯᠬᠤ ᠎ ᠪᠠᠷ ᠢᠳᠡᠪᠬᠢ ᠬᠦᠴᠦᠨ ᠢ ᠨᠡᠮᠡᠭᠳᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠯᠠᠮᠵᠢᠯᠠᠬᠤ᠂ ᠮᠠᠨ ᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠤᠠᠯᠨ ᠬᠡᠯᠪᠡᠷᠢᠲᠤ ᠭᠦᠨ ᠰᠠᠭᠤᠭᠳᠠᠯ ᠲᠠᠢ ᠪᠦᠲᠦᠮᠵᠢᠲᠡᠢ ᠪᠠᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠡᠷᠭᠡ ᠲᠠᠯ᠎ᠠ ᠪᠠᠷ ᠳᠠᠪᠠᠭᠤᠯᠢᠭ ᠦᠢᠯᠡᠳᠦᠯ ᠢᠶᠠᠨ ᠪᠠᠳᠠᠷᠠᠭᠤᠯᠤᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号