2024 ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠬᠡᠭ ᠢ ᠨᠡᠶᠢᠲᠡᠯᠡᠪᠡ
ᠨᠡᠶᠢᠲᠡᠯᠡᠭᠰᠡᠨ ᠴᠠᠭ᠄
2024/7/1
    2024 ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠬᠡᠭ ᠢ ᠨᠡᠶᠢᠲᠡᠯᠡᠬᠦ ᠬᠤᠷᠠᠯ ᠵᠢᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠤᠶᠠᠷ ᠡᠷᠡᠭᠦᠯ︾᠎ ᠢ ᠠᠬᠢᠭᠤᠯᠬᠤ ᠲᠤᠬᠠᠶ ᠶᠢᠨ ᠭᠠᠵᠠᠷ ᠤᠨ ᠬᠤᠷᠠᠯ ᠥᠪᠥᠷ ᠮᠣᠩᠭᠤᠯ ᠤᠨ ᠣᠷᠳᠣᠰ ᠬᠤᠲᠠ ᠳᠤ ᠶᠠᠪᠤᠭᠳᠠᠵᠡᠢ᠃ ᠬᠤᠷᠠᠯ ᠳᠡᠭᠡᠷ᠎ᠡ 2024 ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠬᠡᠭ ᠤᠨ ᠨᠡᠷᠡᠰ ᠢ ᠨᠡᠶᠢᠲᠡᠯᠡᠭᠰᠡᠨ ᠪᠠᠶᠢᠨ᠎ᠠ᠃ 2024 ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠬᠡᠭ ᠤᠨ ᠰᠢᠷᠢᠰ ᠨᠡᠷᠡᠰ ᠤᠨ ᠵᠢᠭᠰᠠᠭᠠᠯᠲᠠ ᠪᠣᠯ ᠪᠥᠬᠦ ᠤᠯᠤᠰ ᠤᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ︽ᠳᠤᠮᠳᠠᠳᠤ ᠤᠯᠤᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 500 ᠬᠦᠴᠦᠷᠬᠡᠭ︾᠎ ᠤᠨ ᠰᠢᠷᠢᠰ ᠨᠡᠷᠡᠰ ᠤᠨ ᠵᠢᠭᠰᠠᠭᠠᠯᠲᠠ ᠶᠢᠨ ᠠᠷᠭ᠎ᠠ ᠶᠢ ᠦᠨᠳᠦᠰᠦᠯᠡᠨ᠂ ᠠᠵᠤ ᠠᠬᠤᠶᠢᠯᠠᠯ ᠤᠨ ᠰᠠᠶᠢᠨ ᠳᠤᠷ᠎ᠠ ᠠᠴᠠ ᠪᠠᠨ ᠭᠤᠶᠤᠴᠢᠯᠠᠨ ᠮᠡᠳᠡᠭᠦᠯᠬᠦ ᠵᠠᠷᠴᠢᠮ ᠢᠶᠠᠷ᠂ ᠠᠵᠤ ᠠᠬᠤᠶᠢᠯᠠᠯ ᠤᠨ 2023 ᠤᠨ ᠤ ᠡᠵᠡᠩᠨᠡᠯᠲᠡ ᠶᠢᠨ ᠣᠷᠣᠯᠭ᠎ᠠ ᠶᠢᠨ ᠶᠡᠷᠦᠩᠬᠡᠶ ᠲᠤᠭ᠎ᠠ ᠪᠠᠷ ᠭᠤᠤᠯ ᠭᠦᠢᠴᠡᠳᠭᠡᠯ ᠲᠤᠭ᠎ᠠ ᠪᠣᠯᠭᠠᠵᠤ᠂ ᠭᠤᠶᠤᠴᠢᠯᠠᠨ ᠮᠡᠳᠡᠭᠦᠯᠬᠦ ᠳᠤ ᠣᠷᠣᠯᠴᠠᠭᠰᠠᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠵᠢᠭᠰᠠᠭᠠᠵᠤ᠂ ᠡᠮᠦᠨ᠎ᠡ 100 ᠨᠡᠷᠡᠰ ᠲᠤ ᠵᠢᠭᠰᠠᠭᠠᠭᠳᠠᠭᠰᠠᠨ ᠪᠠᠶᠢᠪᠠᠯ ︽ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠬᠡᠭ︾ ᠭᠡᠵᠦ᠂ ᠦᠢᠯᠡᠳᠬᠦ ᠦᠢᠯᠡᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 50 ᠬᠦᠴᠦᠷᠬᠡᠭ᠂ ᠦᠢᠯᠡᠴᠢᠯᠡᠭᠡᠨ ᠤ ᠦᠢᠯᠡᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 20 ᠬᠦᠴᠦᠷᠬᠡᠭ ᠲᠤ ᠴᠦ ᠠᠳᠠᠯᠢ ᠠᠷᠭ᠎ᠠ ᠶᠢ ᠬᠡᠷᠡᠭᠯᠡᠨ᠎ᠡ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 30 ᠬᠦᠴᠦᠷᠬᠡᠭ ᠨᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠣᠷᠣᠭᠤᠯᠤᠯᠲᠠ᠂ ᠲᠤᠰᠬᠠᠶ ᠠᠰᠢᠭ᠂ ᠰᠤᠳᠤᠯᠤᠨ ᠨᠡᠭᠡᠭᠡᠬᠦ ᠲᠠᠪᠴᠠᠩ ᠵᠡᠷᠭᠡ ᠣᠯᠠᠨ ᠵᠦᠢᠯ ᠤᠨ ᠭᠦᠢᠴᠡᠳᠭᠡᠯ ᠲᠤᠭ᠎ᠠ ᠪᠠᠷ ᠶᠡᠷᠦᠩᠬᠡᠶᠢᠯᠡᠨ ᠦᠨᠡᠯᠡᠵᠦ ᠵᠢᠭᠰᠠᠭᠠᠬᠤ ᠪᠣᠯᠤᠨ᠎ᠠ᠃ 2023 ᠣᠨ ᠳᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠠᠭᠤᠨ ᠬᠦᠴᠦᠷᠬᠡᠭ ᠲᠤ ᠣᠷᠣᠬᠤ ᠪᠠᠷᠢᠮᠵᠢᠶ᠎ᠠ ᠶᠢ ᠲᠦᠷᠦᠭᠦᠦ ᠵᠢᠯ ᠤᠨ 26.44 ᠳ᠋ᠦᠩᠰᠢᠭᠤᠷ ᠲᠥᠭᠦᠷᠢᠭ ᠪᠠᠶᠢᠭᠰᠠᠨ ᠠᠴᠠ 28.15 ᠳ᠋ᠦᠩᠰᠢᠭᠤᠷ ᠲᠥᠭᠦᠷᠢᠭ ᠪᠣᠯᠭᠠᠨ ᠳᠡᠭᠡᠭᠰᠢᠯᠡᠭᠦᠯᠵᠦ᠂ 6.47%᠎ ᠪᠠᠷ ᠨᠡᠮᠡᠭᠳᠡᠭᠦᠯᠵᠦ᠂ 15 ᠠᠵᠤ ᠠᠬᠤᠶᠢᠯᠠᠯ ᠨᠢ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠠᠭᠤᠨ ᠬᠦᠴᠦᠷᠬᠡᠭ ᠤᠨ ᠨᠡᠷᠡᠰ ᠤᠨ ᠵᠢᠭᠰᠠᠭᠠᠯᠲᠠ ᠳᠤ ᠰᠢᠨ᠎ᠡ ᠪᠠᠷ ᠣᠷᠣᠪᠠ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠵᠠᠭᠤᠨ ᠬᠦᠴᠦᠷᠬᠡᠭ ᠤᠨ ᠡᠵᠡᠩᠨᠡᠯᠲᠡ ᠶᠢᠨ ᠣᠷᠣᠯᠭ᠎ᠠ ᠶᠢᠨ ᠪᠦᠬᠦ ᠲᠤᠭ᠎ᠠ 1.13 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠲᠦᠷᠦᠭᠦᠦ ᠵᠢᠯ ᠤᠨ ᠬᠢ ᠠᠴᠠ 1.94%᠎ ᠪᠠᠷ ᠨᠡᠮᠡᠭᠳᠡᠪᠡ᠃ ᠡᠭᠦᠨ ᠳᠤ ᠡᠵᠡᠩᠨᠡᠯᠲᠡ ᠶᠢᠨ ᠣᠷᠣᠯᠭ᠎ᠠ ᠨᠢ 100 ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ 33 ᠪᠠᠶᠢᠵᠤ᠂ ᠳᠡᠭᠡᠷ᠎ᠡ ᠵᠢᠯ ᠤᠨ ᠬᠢ ᠠᠴᠠ 1 ᠨᠡᠮᠡᠭᠳᠡᠪᠡ︔ ᠡᠵᠡᠩᠨᠡᠯᠲᠡ ᠶᠢᠨ ᠣᠷᠣᠯᠭ᠎ᠠ ᠨᠢ 50 ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ 62 ᠪᠠᠶᠢᠵᠤ᠂ ᠳᠡᠭᠡᠷ᠎ᠡ ᠵᠢᠯ ᠤᠨ ᠬᠢ ᠠᠴᠠ 4 ᠨᠡᠮᠡᠭᠳᠡᠪᠡ᠃ ᠢᠯᠢ ᠪᠦᠯᠦᠭᠯᠡᠯ᠂ ᠤᠷᠳᠤᠰ ᠪᠦᠯᠦᠭᠯᠡᠯ᠂ ᠬᠤᠢ ᠨᠤᠩ ᠪᠦᠯᠦᠭᠯᠡᠯ᠂ ᠢ ᠲᠠᠢ ᠪᠦᠯᠦᠭᠯᠡᠯ ᠭᠡᠬᠦ 4 ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 500 ᠳ᠋ᠦᠩᠰᠢᠭᠤᠷ ᠲᠥᠭᠦᠷᠢᠭ ᠢ ᠳᠠᠪᠠᠵᠤ᠂ ᠡᠭᠦᠨ ᠳᠤ ᠢᠯᠢ ᠪᠦᠯᠦᠭᠯᠡᠯ ᠤᠨ ᠡᠵᠡᠩᠨᠡᠯᠲᠡ ᠶᠢᠨ ᠣᠷᠣᠯᠭ᠎ᠠ 1261.79 ᠳ᠋ᠦᠩᠰᠢᠭᠤᠷ ᠲᠥᠭᠦᠷᠢᠭ ᠲᠤ ᠬᠦᠷᠴᠦ᠂ ᠲᠡᠷᠢᠭᠦᠨ ᠳᠤ       ᠵᠢᠭᠰᠠᠭᠠᠭᠳᠠᠵᠡᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号