7 ᠰᠠᠷ᠎ᠠ ᠶᠢᠨ 6 ᠤ ᠡᠳᠦᠷ᠂ ᠬᠤᠰᠢᠭᠤᠨ ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ | ᠭᠤᠣᠯᠯᠠᠨ ᠡᠷᠭᠢᠯᠡᠵᠦ᠂ ᠰᠣᠶᠣᠯ ᠤᠨ ᠣᠷᠳᠣᠨ᠂ ᠤᠯᠠᠭᠠᠨᠮᠥ᠋ᠴᠢᠷ ᠠᠴᠠ ᠳᠠᠭᠠᠭᠠᠴᠢᠯᠠᠨ ᠡᠷᠭᠢᠯᠡᠭᠰᠡᠨ ᠨᠠᠮ ᠤᠨ | ᠰᠡᠳᠬᠢᠯ ᠢ ᠤᠶᠠᠷᠠᠭᠤᠯᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ ︽ᠤᠮᠠᠷᠠᠲᠤ ᠶᠢᠨ ᠬᠥᠪᠡᠭᠦᠳ | ᠥᠬᠢᠳ ᠤᠨ ᠰᠡᠳᠬᠢᠯ ᠢᠶᠠᠨ ᠨᠢᠭᠡᠳᠬᠡᠨ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾ ︱ | ᠡᠵᠡᠨ᠎ᠡ ᠬᠤᠰᠢᠭᠤ ᠬᠢᠭᠡᠳ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠰᠢᠨ᠎ᠡ ᠳᠤᠮᠳᠠᠳᠤ | ᠤᠯᠤᠰ ᠪᠠᠶᠢᠭᠤᠯᠤᠭᠳᠠᠭᠰᠠᠨ 75 ᠵᠢᠯ ᠤᠨ ᠣᠶ ᠶᠢ ᠪᠡᠯᠭᠡᠯᠡᠬᠦ ᠬᠠᠮᠲᠤᠷᠠᠭᠰᠠᠨ ᠦᠳᠡᠰᠢᠯᠡᠭᠡ ᠴᠡᠷᠢᠭ ᠢ ᠬᠦᠷᠢᠶᠡᠯᠡᠬᠦ | ᠠᠭᠤᠳᠠᠮ ᠲᠠᠯᠠᠪᠠᠶ ᠳᠤ ᠶᠠᠪᠤᠭᠳᠠᠪᠠ᠃ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠪᠯᠡᠯ ᠤᠨ | ᠬᠤᠷᠢᠶ᠎ᠠ ᠶᠢᠨ ᠱᠦᠵᠢ ᠵᠠᠩ ᠶᠢᠨ ᠹᠧᠢ ᠲᠣᠭᠯᠠᠯᠲᠠ ᠶᠢ ᠰᠣᠨᠢᠷᠬᠠᠪᠠ᠃ | ᠦᠳᠡᠰᠢᠯᠡᠭᠡ ᠨᠢ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠷᠡᠭᠲᠡᠢ ᠶᠢᠨ ᠬᠤᠣᠰᠯᠠᠯ | ᠳᠠᠭᠤᠤ ᠶᠢᠨ ᠳᠤᠮᠳᠠ ᠬᠥᠰᠢᠭᠡ ᠪᠠᠨ ᠰᠡᠬᠦᠵᠦ᠂ ᠲᠡᠳᠡ ᠠᠶ᠎ᠠ ᠳᠠᠭᠤᠤ ᠪᠠᠷ ᠡᠬᠡ ᠤᠯᠤᠰ ᠲᠠᠭᠠᠨ ᠭᠡᠬᠦ ᠭᠦᠨ | ᠵᠤᠵᠠᠭᠠᠨ ᠬᠠᠶᠢᠷ᠎ᠠ ᠰᠡᠳᠬᠢᠯᠭᠡ ᠪᠠᠨ ᠤᠶᠠᠩᠭᠠᠯᠠᠵᠤ᠂ ᠵᠠᠯᠠᠭᠤᠴᠤᠳ ᠤᠨ ᠴᠤᠭ ᠵᠢᠪᠬᠤᠭ᠎ᠠ ᠪᠠ ᠬᠠᠯᠠᠭᠤᠨ | ᠰᠡᠳᠬᠢᠯᠭᠡ ᠪᠠᠷ ᠬᠦᠰᠡᠯ ᠡᠷᠡᠮᠡᠯᠵᠡᠯ ᠪᠠ ᠰᠥᠰᠥ ᠵᠣᠷᠢᠭ ᠢᠶᠠᠨ ᠢᠯᠡᠳᠭᠡᠨ᠎ᠡ᠃ ᠬᠤᠰᠢᠭᠤᠨ ᠤ ᠤᠯᠠᠭᠠᠨᠮᠥ᠋ᠴᠢᠷ | ᠪᠣᠯᠣᠨ ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠮᠣᠷᠢᠨ ᠬᠤᠭᠤᠷ ᠤᠨ ᠬᠥᠭᠵᠢᠮ ᠤᠨ | ᠪᠠᠭᠰᠢ ᠠᠴᠠ ᠬᠤᠭᠤᠷᠳᠠᠭᠰᠠᠨ ︽ᠲᠦᠮᠡᠨ ᠠᠭᠲᠠ ᠶᠢᠨ ᠲᠦᠪᠡᠷᠬᠡᠨ︾ ᠨᠢ ᠥᠪᠥᠷ ᠮᠣᠩᠭᠤᠯ ᠤᠨ ᠲᠠᠯ᠎ᠠ | ᠨᠤᠲᠤᠭ ᠤᠨ ᠲᠦᠮᠡᠨ ᠠᠭᠲᠠ ᠶᠢᠨ ᠰᠦᠷ ᠵᠢᠪᠬᠤᠯᠠᠩᠲᠤ ᠦᠵᠡᠮᠵᠢ ᠶᠢ ᠢᠯᠡᠷᠡᠭᠦᠯᠵᠦ᠂ ᠦᠳᠡᠰᠢᠯᠡᠭᠡ ᠶᠢᠨ ᠠᠭᠤᠷ | ᠠᠮᠢᠰᠬᠤᠯ ᠢ ᠤᠷᠬᠢᠯ ᠳᠤᠨᠢ ᠬᠦᠷᠭᠡᠨ᠂ ᠦᠵᠡᠭᠴᠢᠳ ᠤᠨ ᠬᠠᠯᠠᠭᠤᠨ ᠠᠯᠠᠭ᠎ᠠ ᠲᠡᠰᠢᠯᠲᠡ ᠶᠢ ᠣᠯᠪᠠ᠃ | ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠪᠠᠭᠰᠢ ᠪᠣᠯᠣᠨ ᠰᠤᠷᠤᠭᠴᠢᠳ ᠤᠨ ᠪᠥᠵᠢᠭ ᠨᠢ | ᠦᠵᠡᠭᠴᠢᠳ ᠲᠤ ᠴᠡᠴᠡᠭᠯᠡᠨ ᠬᠥᠭᠵᠢᠭᠰᠡᠨ᠂ ᠡᠩᠬᠡ ᠲᠠᠶᠢᠪᠤᠩ ᠠᠮᠤᠷ ᠠᠮᠤᠭᠤᠯᠠᠩ ᠪᠠᠳᠠᠷᠠᠯᠲᠤ ᠴᠠᠭ ᠦᠶ᠎ᠡ ᠶᠢ | ᠳᠡᠯᠭᠡᠨ ᠦᠵᠡᠭᠦᠯᠵᠦ᠂ ᠳᠤᠮᠳᠠᠳᠤ ᠤᠯᠤᠰ ᠤᠨ ᠡᠯ᠎ᠡ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ | ᠬᠥᠭᠵᠢᠭᠰᠡᠨ ᠡᠶ᠎ᠡ ᠵᠣᠬᠢᠴᠠᠩᠭᠤᠢ ᠵᠢᠷᠤᠭ ᠢ ᠳᠡᠯᠭᠡᠨ ᠦᠵᠡᠭᠦᠯᠵᠦ᠂ ᠦᠳᠡᠰᠢᠯᠡᠭᠡ ᠨᠢ ᠲᠣᠣᠷᠠᠢ ᠶᠢᠨ ᠪᠡᠶ᠎ᠡ | ᠴᠢᠭᠢᠷᠠᠭᠵᠢᠭᠤᠯᠬᠤ ᠠᠩᠭᠢ ᠶᠢᠨ ᠪᠥᠵᠢᠭ ︽ᠳᠠᠶᠢᠯᠠᠯᠭ᠎ᠠ ᠶᠢᠨ ᠳᠠᠭᠤᠤ︾ ᠳᠤᠮᠳᠠ ᠥᠨᠳᠥᠷᠯᠡᠪᠡ᠃ | ᠪᠤᠭᠤᠲᠤ ᠬᠤᠲᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠡᠪᠯᠡᠯ ᠤᠨ ᠬᠤᠷᠢᠶᠠᠨ ᠤ ᠪᠠᠭᠰᠢ | ᠾᠧᠦ ᠵᠢᠩ᠄ ︽ᠮᠠᠨ ᠤ ᠳᠡᠭᠡᠳᠦ ᠰᠤᠷᠭᠠᠭᠤᠯᠢ ᠦᠵᠡᠰᠬᠦᠯᠡᠩᠲᠦ ᠰᠠᠶᠢᠬᠠᠨ ᠡᠵᠡᠨ᠎ᠡ ᠬᠤᠰᠢᠭᠤᠨ ᠳᠤ ᠬᠤᠶᠠᠳᠠᠭᠢ | ᠤᠳᠠᠭ᠎ᠠ ᠪᠠᠨ ᠢᠷᠡᠵᠦ ᠣᠶᠤᠲᠠᠳ ᠤᠨ ᠢᠶᠠᠨ ︽ᠭᠤᠷᠪᠠ ᠶᠢ ᠬᠥᠳᠡᠭᠡ ᠪᠠᠭᠤᠯᠭᠠᠬᠤ︾ ᠤᠷᠠᠨ ᠰᠠᠶᠢᠬᠠᠨ ᠤ | ᠬᠠᠮᠲᠤᠷᠠᠭᠰᠠᠨ ᠲᠣᠭᠯᠠᠯᠲᠠ ᠶᠢ ᠥᠷᠨᠢᠭᠦᠯᠵᠦ ᠪᠠᠶᠢᠭ᠎ᠠ ᠨᠢ ᠡᠨᠡ ᠶᠤᠮ᠃ ᠪᠢᠳᠡ ᠶᠠᠭᠤᠨ ᠤ ᠡᠮᠦᠨ᠎ᠡ ᠮᠠᠨ ᠤ ᠳᠡᠭᠡᠳᠦ | ᠰᠤᠷᠭᠠᠭᠤᠯᠢ ᠶᠢᠨ ᠰᠤᠷᠤᠭᠴᠢᠳ ᠲᠤᠬᠠᠢ ᠶᠢᠨ ᠭᠠᠵᠠᠷ ᠤᠨ ᠵᠠᠯᠠᠭᠤ ᠨᠠᠶᠢᠵᠠ ᠨᠠᠷ ᠲᠠᠢ ᠪᠠᠨ ᠭᠦᠨᠵᠡᠭᠡᠢ ᠰᠤᠷᠤᠯᠴᠠᠵᠤ | ᠰᠠᠨᠠᠯ ᠢᠶᠠᠨ ᠰᠣᠯᠢᠯᠴᠠᠬᠤ ᠶᠢ ᠬᠦᠰᠡᠳᠡᠭ᠃ ᠪᠢᠳᠡ ᠰᠤᠷᠤᠭᠴᠢᠳ ᠢᠶᠠᠨ ᠳᠠᠭᠠᠭᠤᠯᠤᠨ ᠰᠤᠷᠭᠠᠭᠤᠯᠢ ᠶᠢᠨ | ᠬᠦᠷᠢᠶᠡᠨ ᠠᠴᠠ ᠭᠠᠷᠴᠤ᠂ ᠬᠢᠴᠢᠶᠡᠯ ᠤᠨ ᠲᠠᠩᠬᠢᠮ ᠠᠴᠠ ᠭᠠᠷᠴᠤ᠂ ᠠᠮᠢᠳᠤᠯᠢᠭ ᠰᠠᠶᠢᠬᠠᠨ ᠦᠵᠡᠯ ᠰᠠᠨᠠᠭ᠎ᠠ ᠤᠯᠤᠰ | ᠲᠥᠷᠥ ᠶᠢᠨ ᠬᠢᠴᠢᠶᠡᠯ ᠣᠷᠣᠵᠤ᠂ ᠳᠠᠷᠠᠭ᠎ᠠ ᠨᠢ ᠮᠠᠨ ᠤ ᠡᠵᠡᠨ᠎ᠡ ᠬᠤᠰᠢᠭᠤᠨ ᠤ ᠥᠨᠢ ᠤᠳᠠᠭᠠᠨ | ᠤᠯᠠᠮᠵᠢᠯᠠᠭᠳᠠᠭᠰᠠᠨ ᠬᠥᠮᠥᠨ ᠰᠠᠭᠤᠯᠭᠠᠭᠰᠠᠨ ᠰᠠᠨᠰᠠᠷ ᠤᠨ ᠠᠶᠠᠯᠠᠯ ᠤᠨ ᠵᠣᠷᠢᠭ ᠰᠠᠨᠠᠭ᠎ᠠ ᠶᠢ ᠰᠤᠷᠤᠯᠴᠠᠨ᠎ᠠ︾ | ᠭᠡᠪᠡ᠃ | ᠲᠤᠰ ᠤᠳᠠᠭ᠎ᠠ ᠨᠡᠶᠢᠳᠡ 11 ᠲᠣᠭᠯᠠᠯᠲᠠ ᠶᠢ ᠤᠯᠠᠨ ᠳᠤ ᠰᠤᠨᠢᠷᠬᠠᠭᠤᠯᠵᠤ᠂ ᠲᠣᠭᠯᠠᠭᠴᠢᠳ ᠬᠡᠬᠦᠳᠡᠭ | ᠳᠦᠭᠦᠷᠡᠩ ᠬᠠᠯᠠᠭᠤᠨ ᠰᠡᠳᠬᠢᠯᠭᠡ ᠪᠠᠷ ᠲᠣᠭᠯᠠᠵᠤ᠂ ᠳᠠᠭᠤᠤ ᠪᠥᠵᠢᠭ ᠢᠶᠠᠷ ᠢᠶᠠᠨ ᠨᠠᠮ ᠤᠨ ᠭᠠᠶᠢᠬᠠᠮᠰᠢᠭᠲᠤ ᠣᠨ | ᠰᠠᠷ᠎ᠠ ᠶᠢ ᠡᠷᠭᠢᠴᠡᠭᠦᠯᠵᠦ᠂ ᠨᠠᠮ ᠤᠨ ᠠᠤᠭ᠎ᠠ ᠭᠠᠪᠢᠶ᠎ᠠ ᠵᠢᠳᠬᠦᠯ ᠳᠤ ᠲᠠᠯᠠᠷᠬᠠᠵᠤ᠂ ᠨᠠᠮ ᠳᠠᠭᠠᠨ ᠴᠢᠩ ᠦᠨᠡᠨᠴᠢ | ᠬᠠᠶᠢᠷ᠎ᠠ ᠰᠡᠳᠬᠢᠯᠭᠡ ᠪᠠᠨ ᠢᠯᠡᠳᠭᠡᠨ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠴᠤᠭ ᠪᠠᠳᠠᠷᠠᠩᠭᠤᠢ | ᠲᠡᠮᠡᠴᠡᠯ ᠤᠨ ᠵᠣᠷᠢᠭ ᠢᠶᠠᠷ ᠨᠠᠮ ᠪᠠᠶᠢᠭᠤᠯᠤᠭᠳᠠᠭᠰᠠᠨ 103 ᠵᠢᠯ ᠤᠨ ᠤᠢ ᠳᠤ ᠪᠡᠯᠡᠭ ᠬᠦᠷᠭᠡᠵᠦ᠂ ᠰᠢᠨ᠎ᠡ | ᠳᠤᠮᠳᠠᠳᠤ ᠤᠯᠤᠰ ᠪᠠᠶᠢᠭᠤᠯᠤᠭᠳᠠᠭᠰᠠᠨ 75 ᠵᠢᠯ ᠤᠨ ᠤᠢ ᠶᠢ ᠬᠠᠮᠲᠤᠪᠠᠷ ᠪᠡᠯᠭᠡᠯᠡᠪᠡ᠃ |