ᠡᠵᠡᠨ᠎ᠡ ᠬᠤᠰᠢᠭᠤ 6 ᠳ᠋ᠤᠭᠠᠷ ᠰᠠᠷ᠎ᠠ ᠶᠢᠨ ᠲᠡᠵᠢᠭᠡᠯ ᠡᠪᠡᠰᠦᠨ ᠤ ᠤᠷᠭᠤᠴᠠ ᠶᠢᠨ ᠪᠠᠶᠢᠳᠠᠯ ᠢ ᠬᠢᠨᠠᠨ ᠬᠡᠮᠵᠢᠬᠦ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2024/7/10
    2024 ᠣᠨ ᠤ ᠪᠥᠬᠦ ᠬᠤᠰᠢᠭᠤᠨ ᠤ ᠪᠠᠶᠢᠭᠠᠯᠢ ᠶᠢᠨ ᠪᠡᠯᠴᠢᠭᠡᠷ ᠤᠨ ᠤᠷᠭᠤᠴᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠬᠦ ᠶᠢᠨ ᠲᠥᠯᠥᠭᠡ᠂ ᠡᠵᠡᠨ᠎ᠡ ᠬᠤᠰᠢᠭᠤᠨ ᠤ ᠨᠤᠲᠤᠭ ᠪᠡᠯᠴᠢᠭᠡᠷ ᠤᠨ ᠠᠵᠢᠯ ᠤᠨ ᠥᠷᠲᠡᠭᠡ 6 ᠰᠠᠷ᠎ᠠ ᠶᠢᠨ 24᠎ ᠤ ᠡᠳᠦᠷ ᠠᠴᠠ 6 ᠰᠠᠷ᠎ᠠ ᠶᠢᠨ 28᠎ ᠤ ᠡᠳᠦᠷ ᠪᠣᠯᠲᠠᠯ᠎ᠠ ᠮᠡᠷᠭᠡᠵᠢᠯ ᠤᠨ ᠠᠵᠢᠯᠲᠠᠳ ᠢ ᠵᠣᠬᠢᠶᠠᠨ ᠪᠠᠶᠢᠭᠤᠯᠵᠤ ᠪᠥᠬᠦ ᠬᠤᠰᠢᠭᠤᠨ ᠤ ᠪᠠᠶᠢᠭᠠᠯᠢ ᠶᠢᠨ ᠪᠡᠯᠴᠢᠭᠡᠷ ᠤᠨ ᠡᠪᠡᠰᠦᠨ ᠤ ᠬᠡᠪ ᠤᠨ ᠬᠢᠨᠠᠨ ᠬᠡᠮᠵᠢᠯᠲᠡ ᠶᠢ ᠥᠷᠨᠢᠭᠦᠯᠪᠡ᠃ ᠲᠣᠰ ᠤᠳᠠᠭᠠᠨ ᠤ ᠤᠷᠭᠤᠯᠲᠠ ᠶᠢᠨ ᠪᠠᠶᠢᠳᠠᠯ ᠢ ᠬᠢᠨᠠᠨ ᠬᠡᠮᠵᠢᠬᠦ ᠳᠤ ᠪᠥᠬᠦ ᠬᠤᠰᠢᠭᠤᠨ ᠤ 10 ᠥᠯᠢᠭᠡᠷ ᠭᠠᠵᠠᠷ 30 ᠥᠯᠢᠭᠡᠷ ᠡᠳ᠋ ᠲᠤ ᠲᠤᠬᠠᠶ ᠶᠢᠨ ᠲᠠᠯᠠᠪᠤᠷ ᠤᠨ ᠬᠡᠷᠡᠯ ᠵᠢᠷᠤᠭ ᠪᠠ ᠲᠡᠮᠳᠡᠭᠯᠡᠯ ᠬᠢᠪᠠ᠃ ᠭᠤᠣᠯ ᠪᠣᠯᠬᠤ ᠡᠪᠡᠰᠦᠨ ᠤ ᠰᠦᠷᠦᠭ ᠤᠨ ᠳᠤᠮᠳᠠᠴᠢ ᠥᠨᠳᠥᠷ ᠤᠨ ᠬᠡᠮᠵᠢᠶ᠎ᠡ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ᠂ ᠤᠨᠠᠯᠲᠠ᠂ ᠲᠡᠵᠢᠭᠡᠯ ᠡᠪᠡᠰᠦᠨ ᠤ ᠲᠦᠷᠦᠯ ᠵᠦᠢᠯ ᠵᠡᠷᠭᠡ ᠭᠦᠢᠴᠡᠳᠬᠡᠬᠦ ᠲᠤᠭ᠎ᠠ ᠶᠢ ᠬᠢᠨᠠᠨ ᠬᠡᠮᠵᠢᠨ᠎ᠡ᠃ ᠬᠢᠨᠠᠨ ᠬᠡᠮᠵᠢᠯᠲᠡ ᠶᠢᠨ ᠭᠠᠵᠠᠷ ᠰᠤᠪᠨᠠᠭᠤᠷ᠂ ᠰᠠᠶᠢᠬᠠᠨᠲᠤᠤᠷᠠᠢ᠂ ᠳ᠋ᠦᠡᠭ ᠹᠸᠡᠭ ᠪᠠᠯᠭᠠᠰᠤ᠂ ᠳᠠᠯᠠᠶᠢᠬᠦ᠋ᠪ ᠪᠠᠯᠭᠠᠰᠤ ᠵᠡᠷᠭᠡ 6 ᠰᠤᠮᠤ ᠪᠠᠯᠭᠠᠰᠤᠨ ᠤ 7 ᠭᠠᠴᠠᠭ᠎ᠠ ᠳᠤ ᠪᠠᠶᠢᠷᠢᠯᠠᠵᠤ᠂ ᠥᠯᠢᠭᠡᠷ ᠳᠠᠭᠤᠷᠢᠶᠠᠯ ᠪᠠᠶᠢᠷᠢᠯᠠᠭᠤᠯᠬᠤ᠂ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠲᠡᠮᠳᠡᠭᠯᠡᠬᠦ᠂ ᠬᠡᠷᠡᠯ ᠵᠢᠷᠤᠭ ᠲᠠᠲᠠᠬᠤ᠂ ᠤᠷᠭᠤᠮᠠᠯ ᠤᠨ ᠥᠨᠳᠥᠷ ᠤᠨ ᠬᠡᠮᠵᠢᠶ᠎ᠡ ᠪᠠ ᠪᠤᠲᠠᠯᠢᠭ ᠮᠣᠳᠣ ᠤᠨ ᠳ᠋ᠢᠶᠠᠮᠧᠲᠷ ᠢ ᠬᠡᠮᠵᠢᠬᠦ᠂ ᠥᠯᠢᠭᠡᠷ ᠡᠳ᠋ ᠤᠨ ᠳᠣᠲᠣᠷᠠᠬᠢ ᠤᠷᠭᠤᠮᠠᠯ ᠤᠨ ᠰᠢᠨ᠎ᠡ ᠰᠣᠷᠭᠤᠭ ᠬᠦᠨᠳᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠭᠠᠵᠠᠷ ᠳᠡᠭᠡᠷᠡᠬᠢ ᠬᠢᠨᠠᠨ ᠬᠡᠮᠵᠢᠯᠲᠡ ᠶᠢᠨ ᠲᠤᠭ᠎ᠠ ᠪᠠᠷᠢᠮᠲᠠ ᠶᠢ ᠣᠯᠪᠠ᠃ 6 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠰᠢᠭᠤᠨ ᠤ ᠪᠠᠶᠢᠭᠠᠯᠢ ᠶᠢᠨ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠬᠡᠮᠵᠢᠶ᠎ᠡ 9.67%᠎ ᠳᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ 0.23%᠎ ᠪᠠᠷ ᠪᠠᠭᠤᠷᠠᠪᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号