ᠣᠶᠢᠷ᠎ᠠ ᠶᠢᠨ ᠵᠢᠯ ᠠᠴᠠ ᠨᠠᠭᠠᠰᠢ᠂ ᠡᠵᠡᠨ᠎ᠡ ᠬᠤᠰᠢᠭᠤᠨ ᠤ ᠤᠯᠤᠰ ᠤᠨ ᠥᠮᠴᠢᠯᠡᠯᠲᠦ ᠣᠶ ᠰᠢᠭᠤᠶ ᠶᠢᠨ | ᠲᠠᠯᠠᠪᠠᠶ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ︾ ᠭᠡᠬᠦ | ᠬᠥᠭᠵᠢᠯᠲᠡ ᠶᠢᠨ ᠣᠨᠣᠯᠵᠢᠬᠤᠨ ᠢ ᠢᠮᠠᠭᠲᠠ ᠪᠠᠷᠢᠮᠲᠠᠯᠠᠵᠤ᠂ ᠣᠶ ᠰᠢᠭᠤᠶ ᠶᠢᠨ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠤᠨ᠂ ᠡᠵᠡᠨ᠎ᠡ ᠬᠤᠰᠢᠭᠤᠨ ᠤ ᠣᠶ ᠰᠢᠭᠤᠶ ᠶᠢᠨ ᠲᠥᠷᠥᠯ ᠤᠨ ᠪᠦᠲᠦᠴᠡ ᠶᠢᠨ | ᠲᠣᠬᠢᠷᠠᠭᠤᠯᠤᠯᠲᠠ ᠳᠤ ᠵᠣᠬᠢᠴᠠᠭᠤᠯᠵᠤ᠂ ᠪᠠᠲᠤᠯᠠᠭ᠎ᠠ ᠶᠢᠨ ᠴᠢᠨᠠᠷᠲᠠᠶ ᠴᠢᠬᠢ ᠮᠣᠳᠣᠨ ᠤ ᠬᠦᠷᠢᠶᠡᠯᠡᠩ ᠤᠨ ᠪᠥᠲᠥᠭᠡᠨ | ᠪᠠᠶᠢᠭᠤᠯᠤᠯᠲᠠ ᠶᠢ ᠰᠢᠨ᠎ᠡ ᠪᠠᠶᠢᠳᠠᠯ ᠤᠨ ᠣᠶ ᠰᠢᠭᠤᠶ ᠶᠢᠨ ᠬᠥᠭᠵᠢᠯᠲᠡ ᠶᠢᠨ ᠭᠤᠤᠯᠳᠠᠯᠭ᠎ᠠ ᠲᠠᠢ ᠠᠵᠢᠯ ᠪᠣᠯᠭᠠᠨ | ᠠᠳᠬᠤᠵᠤ᠂ ᠮᠠᠨ ᠤ ᠬᠤᠰᠢᠭᠤᠨ ᠤ ᠣᠶ ᠮᠣᠳᠣᠨ ᠤ ᠦᠷ᠎ᠡ ᠴᠢᠬᠢ ᠶᠢᠨ ᠬᠠᠩᠭᠠᠯᠭ᠎ᠠ ᠶᠢ ᠪᠠᠲᠤᠯᠠᠪᠠ᠃ ᠣᠳᠣᠬᠠᠨ | ᠪᠣᠯᠲᠠᠯ᠎ᠠ᠂ ᠪᠠᠲᠤᠯᠠᠭ᠎ᠠ ᠶᠢᠨ ᠴᠢᠨᠠᠷᠲᠠᠢ ᠴᠢᠬᠢ ᠮᠣᠳᠣᠨ ᠤ ᠬᠦᠷᠢᠶᠡᠯᠡᠩ ᠤᠨ ᠰᠠᠭᠤᠷᠢᠨ ᠭᠠᠵᠠᠷ ᠤᠨ ᠲᠥᠷᠥᠯ | ᠵᠦᠢᠯ ᠨᠢ 10.23 ᠮᠦ ᠪᠦᠲᠦᠭᠡᠨ ᠪᠠᠢᠭᠤᠯᠬᠤ ᠡᠭᠦᠷᠭᠡ ᠶᠢ ᠪᠡᠶᠡᠯᠡᠭᠦᠯᠵᠦ᠂ ᠵᠢᠱᠢᠯᠲᠡ ᠪᠠᠷ ᠴᠢᠬᠢ ᠮᠣᠳᠣᠨ ᠤ | ᠬᠡᠮᠵᠢᠶ᠎ᠡ ᠨᠢ 200 ᠲᠦᠮᠡᠨ ᠰᠠᠭᠤᠷᠢ ᠪᠠᠶᠢᠵᠤ᠂ ᠵᠠᠩᠭᠢᠯᠠᠭ᠎ᠠ ᠶᠢᠨ ᠮᠣᠳᠣᠨ ᠤ ᠲᠥᠷᠥᠯ ᠢ ᠪᠦᠵᠢᠭᠤᠯᠬᠤ ᠪᠠᠷ | ᠭᠤᠣᠯ ᠴᠣᠭᠴᠠ ᠪᠣᠯᠭᠠᠵᠤ᠂ ᠪᠠᠲᠤᠯᠠᠭ᠎ᠠ ᠶᠢᠨ ᠴᠢᠨᠠᠷᠲᠠᠢ ᠴᠢᠬᠢ ᠮᠣᠳᠣᠨ ᠤ ᠬᠦᠷᠢᠶᠡᠯᠡᠩ ᠢᠶᠠᠷ ᠨᠥᠬᠦᠪᠥᠷᠢ | ᠪᠣᠯᠭᠠᠭᠰᠠᠨ ᠴᠢᠬᠢ ᠪᠦᠵᠢᠭᠤᠯᠬᠤ ᠪᠠᠶᠢᠷᠢᠰᠢᠯ ᠢ ᠠᠯᠬᠤᠮ ᠠᠯᠬᠤᠮ ᠢᠶᠠᠷ ᠪᠣᠢ ᠪᠣᠯᠭᠠᠵᠤ᠂ ᠠᠮᠢ ᠠᠬᠤᠢ ᠶᠢᠨ | ᠢᠨᠵᠧᠨᠧᠷᠢᠩ ᠤᠨ ᠪᠦᠲᠦᠭᠡᠨ ᠪᠠᠢᠭᠤᠯᠤᠯᠲᠠ ᠶᠢᠨ ᠦᠷ᠎ᠡ ᠴᠢᠬᠢ ᠶᠢᠨ ᠬᠠᠩᠭᠠᠯᠭ᠎ᠠ ᠶᠢ ᠦᠨᠡᠨᠬᠦ ᠪᠠᠲᠤᠯᠠᠬᠤ ᠪᠣᠯᠤᠨ᠎ᠠ᠃ | | |