ᠡᠵᠡᠨ᠎ᠡ ᠬᠤᠰᠢᠭᠤ ᠪᠥᠬᠦ ᠤᠯᠤᠰ ᠤᠨ ︽ᠡᠮ ᠡᠮᠨᠡᠯᠭᠡ ᠶᠢᠨ ᠳᠠᠭᠠᠳᠬᠠᠯ ᠤᠨ ᠰᠠᠶᠢᠨ ᠲᠠᠭᠤᠨ︾᠎ ᠎ ᠤ ᠤᠬᠠᠭᠤᠯᠭ᠎ᠠ ᠶᠢᠨ ᠤᠷᠤᠯᠳᠤᠭᠠᠨ ᠤ ᠨᠢᠭᠡᠳᠦᠭᠡᠷ ᠳᠡᠰ ᠤᠨ ᠱᠠᠩᠨᠠᠯ ᠭᠥᠷᠳᠡᠪᠡ
ᠨᠡᠶᠢᠲᠡᠯᠡᠭᠰᠡᠨ ᠴᠠᠭ᠄
2024/7/10
    ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠥᠬᠦ ᠨᠡᠶᠢᠭᠡᠮ ᠳᠤ ᠡᠮᠴᠢᠯᠡᠭᠡᠨ ᠤ ᠪᠠᠲᠤᠯᠠᠭ᠎ᠠ ᠶᠢᠨ ᠮᠡᠳᠡᠯᠭᠡ ᠵᠢᠴᠢ ᠦᠷ᠎ᠡ ᠪᠦᠲᠦᠭᠡᠯ ᠢ ᠲᠦᠭᠡᠮᠡᠯᠵᠢᠭᠦᠯᠦᠨ ᠤᠬᠠᠭᠤᠯᠵᠤ᠂ ᠡᠮᠴᠢᠯᠡᠭᠡᠨ ᠤ ᠳᠠᠭᠠᠳᠬᠠᠯ ᠤᠨ ᠥᠯᠢᠭᠡᠷ ᠢ ᠨᠠᠩ ᠰᠠᠶᠢᠨ ᠶᠠᠷᠢᠵᠤ᠂ ᠡᠮᠴᠢᠯᠡᠭᠡᠨ ᠤ ᠳᠠᠭᠠᠳᠬᠠᠯ ᠤᠨ ᠲᠠᠭᠤᠨ ᠢ ᠤᠯᠠᠮᠵᠢᠯᠠᠬᠤ ᠶᠢᠨ ᠲᠥᠯᠥᠭᠡ᠂ ᠤᠯᠤᠰ ᠤᠨ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠣᠶᠢᠷ᠎ᠠ ᠶᠢᠨ ᠬᠤᠭᠤᠴᠠᠭᠠᠨ ᠳᠤ            ︽ᠡᠮᠴᠢᠯᠡᠭᠡᠨ ᠤ ᠳᠠᠭᠠᠳᠬᠠᠯ ᠤᠨ ᠰᠠᠶᠢᠨ ᠳᠠᠭᠤᠨ︾᠎ ᠤ 2 ᠳ᠋ᠤᠭᠠᠷ ᠬᠤᠭᠤᠴᠠᠭᠠᠨ ᠤ ᠤᠬᠠᠭᠤᠯᠭ᠎ᠠ ᠶᠢᠨ ᠤᠷᠤᠯᠳᠤᠭᠠᠨ ᠥᠷᠨᠢᠭᠦᠯᠪᠡ᠃ ᠡᠵᠡᠨ᠎ᠡ ᠬᠤᠰᠢᠭᠤ ᠨᠠᠷᠢᠨ ᠬᠢᠨᠠᠮᠠᠭᠠᠶ ᠪᠡᠯᠡᠳᠬᠡᠯ ᠬᠢᠵᠦ᠂ ᠨᠠᠷᠢᠨ ᠨᠢᠮᠪᠠᠶ ᠰᠢᠯᠭᠠᠷᠠᠭᠤᠯᠤᠯᠲᠠ ᠳᠤ ᠣᠷᠣᠯᠴᠠᠵᠤ᠂ ᠡᠴᠦᠰ ᠲᠡᠭᠡᠨ ︽ᠳᠡᠷᠭᠡᠳᠡᠬᠢ ᠡᠮᠴᠢᠯᠡᠭᠡᠨ ᠤ ᠳᠠᠭᠠᠳᠬᠠᠯ ᠤᠨ ᠠᠷᠠᠳ ᠲᠤ ᠲᠥᠬᠦᠮ ᠦᠵᠡᠭᠦᠯᠬᠦ ᠥᠢᠯᠡᠴᠢᠯᠡᠭᠡ — ᠰᠢᠶᠠᠨ ᠲᠣᠭᠤᠷᠢᠭ ᠤᠨ ᠲᠠᠰ︾᠎ ᠤᠨ ᠨᠢᠭᠡᠳᠦᠭᠡᠷ ᠳᠡᠰ ᠤᠨ ᠱᠠᠩᠨᠠᠯ ᠢ ᠭᠥᠷᠳᠡᠵᠦ᠂ ᠪᠥᠬᠦ ᠤᠯᠤᠰ ᠤᠨ 143 ᠪᠦᠲᠦᠭᠡᠯ ᠤᠨ ᠳᠣᠲᠣᠷ᠎ᠠ ᠠᠷᠪᠠᠳᠤᠭᠠᠷ ᠲᠤ ᠣᠷᠣᠪᠠ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号