ᠡᠵᠡᠨ᠎ᠡ ᠬᠤᠰᠢᠭᠤᠨ ᠤ 2024 ᠣᠨ ᠤ ᠳᠡᠭᠡᠷ᠎ᠡ ᠬᠠᠭᠠᠰ ᠵᠢᠯ ᠳᠤ ᠠᠯᠪᠠᠨ ᠵᠢᠷᠤᠮ ᠤᠨ ᠴᠡᠷᠢᠭ ᠤᠨ ᠭᠡᠷ ᠪᠦᠯᠢ ᠶᠢᠨ ᠬᠠᠷᠠᠭᠠᠯᠵᠠᠯ ᠤᠨ ᠮᠥᠩᠭᠦ ᠶᠢ ᠲᠠᠷᠬᠠᠭᠠᠪᠠ
ᠨᠡᠶᠢᠲᠡᠯᠡᠭᠰᠡᠨ ᠴᠠᠭ᠄
2024/7/10
    ᠠᠯᠪᠠᠨ ᠵᠢᠷᠤᠮ ᠤᠨ ᠴᠡᠷᠢᠭ ᠤᠨ ᠬᠡᠷ ᠪᠦᠯᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠵᠤ᠂ ᠠᠯᠪᠠᠨ ᠵᠢᠷᠤᠮ ᠤᠨ ᠴᠡᠷᠢᠭ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠪᠥᠬᠦ ᠨᠡᠶᠢᠭᠡᠮ ᠢᠶᠠᠷ ᠢᠶᠠᠨ ᠴᠡᠷᠢᠭ ᠢ ᠬᠦᠨᠳᠦᠳᠬᠡᠬᠦ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ ᠡᠵᠡᠨ᠎ᠡ ᠬᠤᠰᠢᠭᠤ 2024 ᠣᠨ ᠤ ᠳᠡᠭᠡᠷ᠎ᠡ ᠬᠠᠭᠠᠰ ᠵᠢᠯ ᠤᠨ ᠠᠯᠪᠠᠨ ᠵᠢᠷᠤᠮ ᠤᠨ ᠴᠡᠷᠢᠭ ᠤᠨ ᠬᠡᠷ ᠪᠦᠯᠢ ᠶᠢᠨ ᠬᠠᠷᠠᠭᠠᠯᠵᠠᠯ ᠤᠨ ᠮᠥᠩᠭᠦ ᠶᠢ ᠨᠢᠭᠡᠨᠲᠡ 7 ᠰᠠᠷ᠎ᠠ ᠶᠢᠨ 1᠎ ᠤ ᠡᠳᠦᠷ ᠠᠴᠠ ᠡᠮᠦᠨ᠎ᠡ ᠪᠦᠬᠦᠨ ᠢ ᠨᠠᠶᠢᠳᠠᠪᠤᠷᠢᠵᠢᠭᠤᠯᠵᠤ᠂ 9 ᠠᠯᠪᠠᠨ ᠵᠢᠷᠤᠮ ᠤᠨ ᠴᠡᠷᠢᠭ ᠤᠨ ᠬᠡᠷ ᠪᠦᠯᠢ ᠳᠤ ᠨᠡᠶᠢᠲᠡ 40.53 ᠲᠦᠮᠡᠨ ᠲᠥᠭᠦᠷᠢᠭ ᠤᠨ ᠬᠠᠷᠠᠭᠠᠯᠵᠠᠯ ᠤᠨ ᠮᠥᠩᠭᠦ ᠲᠠᠷᠬᠠᠭᠠᠪᠠ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠯᠪᠠᠨ ᠭᠡᠷ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号