ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠵᠦ ᠂ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠤᠢ ᠪᠣᠯᠭᠠᠵᠤ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠤᠯᠲᠠ ᠪᠣᠯᠣᠨ ᠪᠦᠬᠦ ᠠᠷᠠᠳ ᠤᠨ ᠡᠷᠡᠭᠦᠯ | ᠮᠡᠨᠳᠦ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠺᠠᠳ᠋ᠷ ᠤᠯᠠᠨ ᠲᠦᠮᠡᠨ ᠤ ᠰᠣᠯᠢᠯᠴᠠᠭ᠎ᠠ ᠶᠢ ᠴᠢᠩᠭᠠᠳᠬᠠᠵᠤ᠂ | ︽ᠪᠠᠶᠠᠷ ᠬᠦᠷ ᠲᠠᠢ ᠠᠵᠢᠯᠯᠠᠵᠤ᠂ ᠡᠷᠡᠭᠦᠯ ᠮᠡᠨᠳᠦ ᠠᠮᠢᠳᠤᠷᠠᠬᠤ︾ ᠪᠣᠯᠪᠠᠰᠤᠨ ᠤ ᠣᠶᠢᠯᠠᠭᠠᠭᠳᠠᠬᠤᠨ ᠢ | ᠰᠠᠨᠠᠭᠠᠴᠢᠯᠠᠬᠤ ᠶᠢᠨ ᠲᠦᠯᠦᠭᠡ᠂ 7 ᠰᠠᠷ᠎ᠠ ᠶᠢᠨ 4 ᠤ ᠡᠳᠦᠷ᠂ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠵᠢᠯᠴᠢᠨ ᠤ ᠡᠪᠯᠡᠯ ᠬᠠᠮᠲᠤᠷᠠᠨ ︽ᠨᠠᠮ ᠤᠨ ᠲᠤᠭ ᠤᠨ | ᠲᠤᠶᠠᠭᠠᠯᠠᠯ ᠢᠶᠠᠷ ᠬᠦᠰᠡᠯ ᠵᠡᠭᠦᠳᠤ ᠪᠠᠨ ᠲᠡᠷᠭᠡᠯᠰᠢᠭᠦᠯᠦᠨ ᠰᠢᠨ᠎ᠡ ᠠᠶᠠᠨ ᠢᠶᠠᠨ ᠡᠬᠢᠯᠡᠭᠦᠯᠦᠨᠡᠮ︾ ᠳᠥᠷᠪᠡᠳᠦᠭᠡᠷ | ᠬᠤᠭᠤᠴᠠᠭᠠᠨ ᠤ ᠪᠥᠬᠦ ᠠᠷᠠᠳ ᠤᠨ ᠪᠡᠶ᠎ᠡ ᠲᠠᠮᠢᠷ ᠤᠨ ᠴᠤᠭᠯᠠᠭᠠᠨ ᠵᠢᠴᠢ ᠨᠠᠮ ᠪᠠᠶᠢᠭᠤᠯᠤᠭᠳᠠᠭᠰᠠᠨ 103 ᠵᠢᠯ ᠤᠨ | ᠣᠶ ᠶᠢ ᠪᠡᠯᠭᠡᠯᠡᠬᠦ ᠵᠤᠨ ᠤ ᠤᠯᠠᠷᠢᠯ ᠤᠨ ᠤᠷᠠᠨ ᠰᠠᠶᠢᠬᠠᠨ ᠤ ᠦᠳᠡᠰᠢᠯᠡᠭᠡ ᠶᠢ ᠵᠣᠬᠢᠶᠠᠨ ᠪᠠᠶᠢᠭᠤᠯᠵᠤ ᠡᠷᠬᠢᠯᠡᠪᠡ᠃ | ᠦᠳᠡ ᠶᠢᠨ ᠡᠮᠦᠨᠡᠬᠢ 9 ᠴᠠᠭ ᠲᠤ᠂ ᠪᠡᠶ᠎ᠡ ᠶᠢᠨ ᠲᠠᠮᠢᠷ ᠤᠨ ᠴᠤᠭᠯᠠᠭᠠᠨ ᠨᠢ ᠨᠠᠮ ᠤᠨ ᠬᠤᠷᠢᠶᠠᠨ ᠤ ᠱᠦᠵᠢ | ᠮᠠ ᠸᠠᠨ ᠹᠧᠢ ᠨᠥᠬᠦᠷ ᠤᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠶᠠᠷᠢᠶ᠎ᠠ ᠲᠠᠯᠪᠢᠬᠤ ᠲᠣᠮᠳᠠ ᠬᠥᠰᠢᠭᠡ ᠪᠠᠨ | ᠰᠡᠬᠦᠪᠡ᠃ ᠲᠣᠰ ᠤᠳᠠᠭᠠᠨ ᠤ ᠲᠠᠮᠢᠷ ᠤᠨ ᠴᠤᠭᠯᠠᠭᠠᠨ ᠳᠤ ᠰᠠᠭᠰᠤᠨ ᠪᠥᠮᠪᠦᠭᠡ᠂ 100 ᠮᠧᠲᠷ ᠤᠨ ᠣᠶᠢᠷ᠎ᠠ | ᠭᠦᠶᠦᠯᠲᠡ ᠶᠢᠨ ᠤᠷᠤᠯᠳᠤᠭᠠᠨ᠂ ᠲᠡᠷᠭᠡᠨ ᠬᠦᠷᠳᠦ ᠦᠩᠬᠦᠷᠢᠬᠦᠯᠬᠦ᠂ ᠪᠦᠢᠯᠠ ᠵᠣᠷᠭᠤᠬᠤ᠂ ᠪᠤᠷᠠᠨᠲᠤᠭ ᠲᠠᠮᠤᠬᠤ | ᠵᠡᠷᠭᠡ ᠤᠷᠤᠯᠳᠤᠭᠠᠨ ᠢ ᠲᠣᠬᠢᠷᠠᠭᠤᠯᠵᠤ᠂ ᠰᠣᠨᠢᠷᠬᠠᠯ ᠲᠠᠢ᠂ ᠦᠨᠳᠦᠰᠦᠲᠡᠨ ᠤ ᠣᠨᠴᠠᠯᠢᠭ ᠲᠠᠢ ᠤᠷᠤᠯᠳᠤᠭᠠᠨ ᠤ | ᠵᠦᠢᠯ ᠳᠤ ᠨᠡᠶᠢᠲᠡ 12 ᠲᠥᠯᠥᠭᠡᠯᠡᠭᠴᠢᠳ ᠤᠨ ᠠᠩᠭᠢ ᠶᠢᠨ 140 ᠭᠠᠷᠤᠢ ᠲᠠᠮᠢᠷᠴᠢᠨ ᠣᠷᠣᠯᠴᠠᠪᠠ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ᠬᠦᠷ ᠬᠥᠭᠵᠢᠶᠡᠨ ᠢᠶᠠᠷ ᠪᠢᠯᠬᠠᠵᠤ᠂ ᠤᠷᠤᠯᠳᠤᠭᠠᠨ ᠳᠤ ᠣᠷᠣᠯᠴᠠᠭᠰᠠᠳ | ᠴᠤᠭ ᠵᠢᠪᠬᠤᠭ᠎ᠠ ᠪᠠᠷ ᠪᠢᠯᠬᠠᠵᠤ ᠡᠷᠡᠯᠬᠡᠭᠯᠡᠨ ᠲᠡᠮᠡᠴᠡᠵᠦ ︽ᠨᠥᠬᠦᠷᠯᠡᠯ ᠢ ᠲᠡᠷᠢᠭᠦᠨ ᠳᠤ ᠲᠠᠯᠪᠢᠵᠤ ᠤᠷᠤᠯᠳᠤᠭᠠᠨ ᠢ | ᠬᠤᠶᠠᠳᠤᠭᠠᠷ ᠲᠤ ᠲᠠᠯᠪᠢᠬᠤ︾ ᠵᠣᠷᠢᠭ ᠰᠠᠨᠠᠭ᠎ᠠ ᠪᠠᠷ᠂ ᠤᠷᠤᠯᠳᠤᠭᠠᠨ ᠤ ᠴᠢᠳᠠᠪᠤᠷᠢ ᠪᠣᠯᠣᠨ ᠪᠦᠯᠬᠦᠮ ᠤᠨ | ᠬᠠᠮᠵᠢᠯᠴᠠᠬᠤ ᠴᠢᠳᠠᠪᠤᠷᠢ ᠪᠠᠨ ᠭᠦᠢᠴᠡᠳ ᠢᠯᠡᠷᠡᠭᠦᠯᠵᠦ᠂ ᠨᠥᠬᠦᠷᠯᠡᠯ ᠪᠣᠯᠤᠨ ᠴᠤᠬ ᠵᠢᠪᠬᠤᠭ᠎ᠠ ᠶᠢ ᠪᠤᠢ ᠪᠣᠯᠭᠠᠪᠠ᠃ | ᠮᠠᠯᠴᠢᠨ ᠲᠦᠮᠡᠨ ᠤ ᠪᠠᠶᠠᠷᠯᠠᠭᠰᠠᠨ᠂ ᠬᠦᠴᠦ ᠨᠡᠮᠡᠬᠦ ᠲᠠᠭᠤᠨ᠂ ᠬᠠᠰᠬᠢᠷᠬᠤ ᠲᠠᠭᠤᠨ᠂ ᠤᠷᠠᠶᠢᠯᠠᠬᠤ ᠲᠠᠭᠤᠨ | ᠤᠷᠤᠯᠳᠤᠭᠠᠨ ᠤ ᠲᠠᠯᠠᠪᠠᠢ ᠳᠤ ᠴᠣᠣᠷᠢᠶᠠᠳᠣᠪᠠ᠃ | ᠵᠤᠨ ᠤ ᠦᠳᠡᠰᠢ ᠶᠢᠨ ᠰᠠᠯᠬᠢ ᠢᠷᠠᠭᠤ ᠰᠠᠶᠢᠬᠠᠨ ᠳᠠᠭᠤᠤ ᠪᠥᠵᠢᠭ ᠲᠠᠢ ᠬᠠᠮᠲᠤ ᠪᠠᠶᠢᠵᠤ᠂ ᠰᠣᠶᠣᠯ ᠪᠣᠯᠣᠨ | ᠬᠠᠯᠠᠭᠤᠨ ᠤ ᠪᠠᠭᠤᠷᠠᠯᠲᠠ ᠮᠥᠷᠭᠦᠯᠳᠦᠵᠦ᠂ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠬᠠᠮᠤᠭ ᠤᠨ ᠭᠤᠶᠣ | ᠰᠥᠨᠢ ᠶᠢᠨ ᠦᠵᠡᠮᠵᠢ ᠪᠣᠯᠤᠭᠰᠠᠨ ᠪᠠᠶᠢᠪᠠ᠃ ᠵᠤᠨ ᠤ ᠤᠯᠠᠷᠢᠯ ᠤᠨ ᠤᠷᠠᠨ ᠰᠠᠶᠢᠬᠠᠨ ᠤ ᠲᠣᠭᠯᠠᠯᠲᠠ ᠳᠤ᠂ ᠰᠦᠷ | ᠵᠢᠪᠬᠤᠭ᠎ᠠ ᠲᠠᠢ᠂ ᠬᠦᠷ ᠬᠥᠭᠵᠢᠶᠡᠨ ᠲᠠᠢ ᠳᠠᠭᠤᠤ ᠬᠥᠭᠵᠢᠮ ᠨᠢ ᠦᠵᠡᠭᠴᠢᠳ ᠤᠨ ᠬᠠᠯᠠᠭᠤᠨ ᠴᠢᠰᠤ ᠶᠢ | ᠣᠷᠭᠢᠯᠤᠭᠤᠯᠵᠤ᠂ ᠭᠠᠴᠠᠭ᠎ᠠ᠂ ᠨᠡᠶᠢᠭᠡᠮ ᠲᠣᠭᠤᠷᠢᠭ᠂ ᠪᠠᠯᠭᠠᠰᠤᠨ ᠳᠤ ᠰᠠᠭᠤᠭ᠎ᠠ ᠨᠢᠭᠡᠴᠡ ᠵᠢᠴᠢ ᠠᠵᠤ | ᠠᠬᠤᠶᠢᠯᠠᠯ ᠤᠨ ᠤᠷᠠᠨ ᠰᠠᠶᠢᠬᠠᠨ ᠤ ᠪᠠᠭ᠋ᠠᠲᠠᠳ ᠲᠠᠶᠢᠰᠠᠨ ᠳᠤ ᠭᠠᠷᠴᠤ ᠲᠣᠭᠯᠠᠯᠲᠠ ᠭᠠᠷᠭᠠᠵᠤ᠂ ᠦᠵᠡᠭᠴᠢᠳ ᠤᠨ | ᠬᠠᠯᠠᠭᠤᠨ ᠠᠯᠠᠭ᠎ᠠ ᠲᠡᠰᠢᠯᠲᠡ ᠶᠢ ᠣᠯᠪᠠ᠃ ᠤᠯᠠᠭᠠᠨᠮᠥ᠋ᠴᠢᠷ ᠤᠨ ᠲᠣᠭᠯᠠᠭᠰᠠᠨ ︽ᠨᠢᠰᠬᠦ ᠮᠡᠲᠦ ᠬᠠᠷ᠎ᠠ ᠠᠵᠢᠨᠠᠢ | ᠬᠦᠯᠦᠭ︾᠂ ︽ᠵᠢᠦᠢ ᠶᠠᠨ ᠤ ᠮᠠᠯᠴᠢᠳ ᠤᠨ ᠲᠠᠭᠤᠣ︾ ᠵᠡᠷᠭᠡ ᠦᠨᠳᠦᠰᠦᠲᠡᠨ ᠤ ᠣᠨᠴᠠᠯᠢᠭ ᠲᠠᠢ ᠰᠢᠯᠢᠳᠡᠭ | ᠲᠣᠭᠯᠠᠯᠲᠠ ᠨᠢ ᠪᠥᠬᠦ ᠦᠳᠡᠰᠢᠯᠡᠭᠡ ᠶᠢ ᠰᠢᠨ᠎ᠡ ᠥᠷᠨᠢᠯᠲᠡ ᠳᠤ ᠬᠦᠷᠭᠡᠵᠦ᠂ ᠲᠣᠰ ᠤᠳᠠᠭᠠᠨ ᠤ ᠦᠳᠡᠰᠢᠯᠡᠭᠡ ᠨᠢ | ᠦᠨᠳᠦᠰᠦᠲᠡᠨ ᠨᠦᠭᠦᠳ ᠤᠨ ᠶᠠᠪᠤᠯᠴᠠᠭ᠎ᠠ᠂ ᠰᠣᠯᠢᠯᠴᠠᠭ᠎ᠠ᠂ ᠠᠭᠤᠰᠤᠯᠴᠠᠯ᠂ ᠬᠠᠮᠲᠤ ᠶᠢᠨ ᠪᠠᠶᠢᠭᠤᠯᠤᠯᠲᠠ᠂ | ᠬᠠᠮᠲᠤ ᠶᠢᠨ ᠪᠣᠶᠢᠵᠢᠭᠤᠯᠤᠯᠲᠠ᠂ ᠬᠠᠮᠲᠤ ᠶᠢᠨ ᠰᠣᠨᠢᠷᠬᠠᠯ ᠳᠤ ᠭᠦᠨ ᠵᠤᠵᠠᠭᠠᠨ ᠠᠭᠤᠷ ᠠᠮᠢᠰᠬᠤᠯ ᠢ ᠪᠣᠶ | ᠪᠣᠯᠭᠠᠪᠠ᠃ | ᠲᠤᠰ ᠤᠳᠠᠭᠠᠨ ᠤ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ︽ᠨᠠᠮ ᠤᠨ ᠲᠤᠭ ᠤᠨ ᠲᠤᠶᠠᠭᠠᠯᠠᠯ ᠢᠶᠠᠷ | ᠬᠦᠰᠡᠯ ᠵᠡᠭᠦᠳᠤ ᠪᠠᠨ ᠲᠡᠷᠭᠡᠯᠰᠢᠭᠦᠯᠦᠨ ᠰᠢᠨ᠎ᠡ ᠠᠶᠠᠨ ᠢᠶᠠᠨ ᠡᠬᠢᠯᠡᠭᠦᠯᠦᠨᠡᠮ︾ ᠳᠥᠷᠪᠡᠳᠦᠭᠡᠷ ᠬᠤᠭᠤᠴᠠᠭᠠᠨ ᠤ ᠪᠥᠬᠦ | ᠠᠷᠠᠳ ᠤᠨ ᠪᠡᠶ᠎ᠡ ᠲᠠᠮᠢᠷ ᠤᠨ ᠴᠤᠭᠯᠠᠭᠠᠨ ᠵᠢᠴᠢ ᠨᠠᠮ ᠪᠠᠶᠢᠭᠤᠯᠤᠭᠳᠠᠭᠰᠠᠨ 103 ᠵᠢᠯ ᠤᠨ ᠣᠶ ᠶᠢ ᠪᠡᠯᠭᠡᠯᠡᠬᠦ | ᠵᠤᠨ ᠤ ᠤᠯᠠᠷᠢᠯ ᠤᠨ ᠤᠷᠠᠨ ᠰᠠᠶᠢᠬᠠᠨ ᠤ ᠦᠳᠡᠰᠢᠯᠡᠭᠡ ᠨᠢ ᠣᠯᠠᠨ ᠳᠤ ᠥᠪᠡᠷ ᠢ ᠪᠠᠨ ᠳᠡᠯᠭᠡᠨ ᠦᠵᠡᠭᠦᠯᠵᠦ᠂ | ᠥᠪᠡᠷ ᠢ ᠪᠠᠨ ᠥᠷᠢᠰᠦᠯᠳᠦᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠨᠠᠮ ᠤᠨ ᠬᠤᠷᠢᠶ᠎ᠠ | ᠵᠠᠰᠠᠭ ᠤᠨ ᠣᠷᠳᠣᠨ ᠪᠣᠯᠣᠨ ᠪᠠᠯᠭᠠᠰᠤᠨ ᠳᠤ ᠰᠠᠭᠤᠭ᠎ᠠ ᠡᠯ᠎ᠡ ᠨᠢᠭᠡᠴᠢ᠂ ᠠᠵᠤ ᠠᠬᠤᠶᠢᠯᠠᠯ ᠤᠨ ᠰᠣᠯᠢᠯᠴᠠᠭ᠎ᠠ ᠪᠠ | ᠦᠢᠯᠡᠳᠦᠯᠴᠡᠯ ᠢ ᠠᠬᠢᠭᠤᠯᠵᠤ᠂ ᠦᠨᠳᠦᠰᠦᠲᠡᠨ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠤᠯᠠᠮ ᠨᠢᠭᠡ | ᠠᠯᠬᠤᠮ ᠪᠠᠶᠠᠯᠢᠭᠵᠢᠭᠤᠯᠵᠤ᠂ ᠨᠢᠭᠲᠠᠷᠠᠯ ᠤᠨ ᠬᠦᠴᠦᠨ ᠢ ᠨᠡᠮᠡᠭᠳᠡᠭᠦᠯᠦᠨ᠂ ᠬᠠᠶᠢᠷ᠎ᠠ ᠰᠡᠳᠬᠢᠯᠭᠡ ᠶᠢ ᠨᠡᠮᠡᠭᠳᠡᠭᠦᠯᠵᠦ᠂ | ᠡᠷᠴᠢ ᠵᠣᠷᠢᠭ ᠢ ᠬᠥᠪᠴᠢᠯᠡᠨ᠂ ᠺᠠᠳ᠋ᠷ ᠣᠯᠠᠨ ᠲᠦᠮᠡᠨ ᠤ ᠨᠡᠩ ᠪᠠᠲᠤ ᠴᠢᠩᠭ᠎ᠠ ᠢᠲᠡᠭᠡᠯ ᠵᠣᠷᠢᠭ᠂ ᠨᠡᠩ ᠣᠷᠭᠢᠯᠤᠮ᠎ᠠ | ᠬᠠᠯᠠᠭᠤᠨ ᠰᠡᠳᠬᠢᠯᠭᠡ᠂ ᠨᠡᠩ ᠪᠦᠯᠬᠦᠮᠳᠡᠯ ᠲᠠᠢ ᠲᠡᠮᠡᠴᠡᠯ ᠤᠨ ᠵᠣᠷᠢᠭ ᠢᠶᠠᠷ ᠡᠯ᠎ᠡ ᠵᠦᠢᠯ ᠤᠨ ᠠᠵᠢᠯ ᠳᠤ ᠣᠷᠣᠯᠴᠠᠬᠤ | ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠭᠰᠡᠨ ᠪᠠᠶᠢᠨ᠎ᠠ᠃ |