ᠨᠢᠭᠡ᠂ 7 ᠰᠠᠷ᠎ᠠ ᠶᠢᠨ 1 ᠤ ᠡᠳᠦᠷ᠂ ᠲᠤᠯᠤᠭᠠᠨ ᠰᠠᠷ᠎ᠠ ᠶᠢᠨ ᠨᠢᠭᠡᠨ ᠤ ᠲᠤᠰᠬᠠᠢ ᠰᠡᠳᠦᠪᠲᠦ | ᠰᠤᠷᠤᠯᠴᠠᠯᠭ᠎ᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ︽ᠰᠢᠨ᠎ᠡ ᠴᠠᠭ ᠦᠶ᠎ᠡ ᠰᠢᠨ᠎ᠡ ᠠᠶᠠᠨ | ᠵᠠᠮ ᠳᠠᠬᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠭᠦᠷᠭᠡ ᠬᠠᠷᠢᠭᠤᠴᠠᠯᠭ᠎ᠠ︾ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠᠨ ᠲᠠᠪᠤᠳᠤᠭᠠᠷ ᠤᠳᠠᠭᠠᠨ ᠤ | ᠬᠠᠮᠲᠤ ᠶᠢᠨ ᠰᠤᠷᠤᠯᠴᠠᠯᠭ᠎ᠠ ᠳᠡᠭᠡᠷᠡᠬᠢ ᠰᠢ ᠶᠢᠨ ᠫᠢᠩ ᠶᠢᠨ ᠴᠢᠬᠤᠯᠠ ᠶᠠᠷᠢᠶ᠎ᠠ︾ ︽ᠳᠤᠮᠳᠠᠳᠤ ᠤᠯᠤᠰ ᠤᠨ ᠡᠪ | ᠬᠠᠮᠲᠤ ᠨᠠᠮ ᠤᠨ ᠭᠡᠰᠢᠭᠦᠨ ᠤ ᠡᠩᠨᠡᠭᠡ ᠶᠢᠨ ᠪᠦᠲᠦᠴᠡ ᠦᠷᠭᠦᠯᠵᠢᠯᠡᠨ ᠰᠢᠯᠢᠳᠡᠭᠵᠢᠪᠡ︾ ︽ᠳᠤᠮᠳᠠᠳᠤ ᠤᠯᠤᠰ ᠤᠨ | ᠡᠪ ᠬᠠᠮᠲᠤ ᠨᠠᠮ ᠤᠨ ᠰᠦᠯᠳᠡ ᠨᠠᠮ ᠤᠨ ᠲᠤᠭ ᠤᠨ ᠳᠦᠷᠢᠮ︾ ᠵᠡᠷᠭᠡ ᠠᠭᠤᠯᠭ᠎ᠠ ᠶᠢ ᠰᠤᠷᠤᠯᠴᠠᠪᠠ᠃ | ᠬᠤᠶᠠᠷ᠂ 7 ᠰᠠᠷ᠎ᠠ ᠶᠢᠨ 1 ᠤ ᠡᠳᠦᠷ᠂ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠨᠠᠮ ᠤᠨ ᠬᠤᠷᠢᠶᠠᠨ ᠤ ᠱᠦᠵᠢ ᠵᠠᠩ ᠳ᠋ᠦᠩ ᠶᠤᠸᠠᠢ ᠨᠥᠬᠦᠷ ᠤᠨ ᠳᠠᠭᠠᠭᠤᠯᠭ᠎ᠠ ᠪᠠᠷ᠂ | ᠪᠦᠬᠦ ᠨᠠᠮ ᠤᠨ ᠭᠡᠰᠢᠭᠦᠨ ᠺᠠᠳ᠋ᠷ ᠪᠠᠷᠠᠭᠤᠨ ᠨᠢᠳᠤᠷᠭ᠎ᠠ ᠪᠠᠨ ᠥᠨᠳᠥᠷ ᠡᠷᠭᠦᠵᠦ᠂ ᠨᠠᠮ ᠳᠤ ᠣᠷᠣᠬᠤ ᠲᠠᠩᠭᠠᠷᠢᠭ ᠤᠨ | ᠦᠭᠡᠰ ᠢᠶᠠᠨ ᠳᠠᠬᠢᠨᠲᠠ ᠡᠷᠭᠢᠴᠡᠭᠦᠯᠪᠡ᠃ ᠰᠤᠮᠤᠨ ᠤ ᠨᠠᠮ ᠤᠨ ᠬᠤᠷᠢᠶ᠎ᠠ ᠪᠠᠰᠠ ᠭᠤᠷᠪᠠᠨ ᠨᠥᠬᠦᠷ ᠲᠤ ᠤᠯᠤᠰ | ᠲᠥᠷᠥ ᠶᠢᠨ ᠲᠥᠷᠥᠭᠰᠡᠨ ᠡᠳᠦᠷ ᠤᠨ ᠪᠠᠶᠠᠷ ᠤᠨ ᠺᠠᠷᠲ ᠲᠦᠭᠡᠭᠡᠨ ᠥᠭᠴᠦ᠂ ᠪᠥᠬᠦ ᠨᠠᠮ ᠤᠨ ᠭᠡᠰᠢᠭᠦᠳ ᠲᠤ | ︽ᠤᠯᠤᠰ ᠲᠥᠷᠥ ᠶᠢᠨ ᠲᠥᠷᠥᠭᠰᠡᠨ ᠡᠳᠦᠷ ᠤᠨ ᠪᠠᠶᠠᠷ︾ ᠢ ᠪᠡᠯᠭᠡᠯᠡᠵᠡᠢ᠃ | ᠭᠤᠷᠪᠠ᠂ 7 ᠰᠠᠷ᠎ᠠ ᠶᠢᠨ 1 ᠤ ᠡᠳᠦᠷ᠂ ᠺᠠᠳ᠋ᠷ ᠠᠵᠢᠯᠲᠠᠳ ᠢ ᠵᠣᠬᠢᠶᠠᠨ ᠪᠠᠶᠢᠭᠤᠯᠵᠤ ᠡᠵᠡᠨ᠎ᠡ ᠬᠤᠰᠢᠭᠤᠨ ᠤ | ᠮᠦᠽᠧᠢ ᠳᠤ ︽ᠨᠠᠮ ᠤᠨ ᠰᠠᠬᠢᠯᠭ᠎ᠠ ᠪᠠᠲᠤ ᠶᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠬᠤ︾ ᠤᠷᠠᠨ ᠪᠢᠴᠢᠯᠭᠡ | ᠤᠷᠠᠨ ᠵᠢᠷᠤᠭ ᠤᠨ ᠪᠦᠲᠦᠭᠡᠯ ᠤᠨ ᠦᠵᠡᠰᠬᠦᠯᠡᠩ ᠢ ᠲᠣᠭᠤᠷᠢᠨ ᠦᠵᠡᠭᠦᠯᠪᠡ᠃ | ᠳᠥᠷᠪᠡ᠂ 7 ᠰᠠᠷ᠎ᠠ ᠶᠢᠨ 4 ᠤ ᠡᠳᠦᠷ᠂ ᠥᠪᠥᠷ ᠮᠣᠩᠭᠤᠯ ᠤᠨ ᠺᠠᠳ᠋ᠷᠴᠤᠳ ᠤᠨ ᠰᠦᠯᠵᠢᠶᠡᠨ ᠤ ᠳᠡᠭᠡᠳᠦ | ᠰᠤᠷᠭᠠᠭᠤᠯᠢ ᠶᠢᠨ ︽ᠤᠮᠠᠷᠠᠲᠤ ᠬᠢᠯᠢ ᠶᠢᠨ ᠡᠭᠦᠯᠡᠨ ᠬᠢᠴᠢᠶᠡᠯ ᠤᠨ ᠲᠠᠩᠬᠢᠮ︾ ᠤᠨ ᠰᠢᠭᠤᠳ ᠨᠡᠪᠲᠡᠷᠡᠭᠦᠯᠭᠡ ᠶᠢᠨ | ᠬᠢᠴᠢᠶᠡᠯᠯᠡᠭᠡ ᠳᠤ ᠣᠷᠣᠯᠴᠠᠬᠤ ᠶᠢ ᠵᠣᠬᠢᠶᠠᠨ ᠪᠠᠶᠢᠭᠤᠯᠪᠠ᠃ |