ᠪᠠᠶ ᠬᠠᠶ ᠯᠢᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/15
    7 ᠰᠠᠷ᠎ᠠ ᠶᠢᠨ 5᠎ ᠤ ᠡᠳᠤᠷ᠂ ᠠᠶᠢᠮᠠᠭ ᠤᠨ ᠨᠠᠮ ᠤᠨ ᠬᠤᠷᠢᠶ᠎ᠠ ᠶᠢᠨ ᠲᠡᠳ᠋ ᠱᠦᠵᠢ᠂ ᠠᠶᠢᠮᠠᠭ ᠤᠨ ᠲᠠᠷᠤᠭ᠎ᠠ ᠪᠠᠢ ᠬᠠᠢ ᠯᠢᠨ ᠠᠶᠢᠮᠠᠭ ᠤᠨ ᠵᠠᠬᠢᠷᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠳᠤ ᠪᠦᠬᠦ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠪᠣᠯᠤᠨ ᠠᠯᠠᠱᠠ ᠵᠡᠭᠦᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ ᠬᠠᠷᠢᠭᠤᠴᠠᠯᠭᠠᠲᠤ ᠰᠡᠳᠬᠢᠯᠭᠡ ᠪᠣᠯᠤᠨ ︽ᠶᠠᠪᠤᠳᠠᠯ ᠪᠦᠬᠦᠨ ᠢ ᠠᠳᠬᠤᠬᠤ︾ ᠬᠡᠷᠡᠭᠵᠢᠭᠦᠯᠬᠦ ᠬᠦᠴᠦᠨ ᠢᠶᠠᠷ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ᠂ ᠠᠶᠤᠯᠲᠠᠢ ᠬᠢᠮᠢ ᠶᠢᠨ ᠠᠵᠤ ᠦᠢᠯᠡᠳᠪᠦᠷᠢ᠂ ᠭᠠᠯ ᠤᠨᠲᠠᠷᠠᠭᠠᠬᠤ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠦᠨ ᠪᠠᠶᠢᠴᠠᠭᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠲᠦᠷᠭᠡᠳᠬᠡᠨ ᠠᠬᠢᠭᠤᠯᠵᠤ᠂ ᠦᠢᠯᠡᠳᠪᠦᠷᠢᠯᠡᠯ ᠤᠨ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠳᠤ ᠪᠦᠬᠦ ᠠᠶᠢᠮᠠᠭ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠠᠵᠢᠯ ᠤᠨ ᠬᠠᠷᠢᠭᠤ ᠮᠡᠳᠡᠬᠦᠯᠦᠯᠳᠡ ᠶᠢ ᠰᠣᠨᠣᠰᠴᠦ᠂ ᠣᠳᠣᠬᠠᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠳᠡᠮᠡᠴᠡᠬᠦ ᠠᠵᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠨᠠᠷᠢᠨ ᠨᠢᠭᠲᠠ ᠪᠠᠶᠢᠷᠢᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠤᠰᠤ ᠤᠮᠳᠠ ᠶᠢ ᠪᠠᠳᠣᠯᠠᠬᠤ᠂ ᠲᠡᠵᠢᠭᠡᠯ ᠪᠣᠷᠳᠤᠭ᠎ᠠ ᠬᠠᠩᠭᠠᠬᠤ᠂ ᠦᠨ᠎ᠡ ᠬᠠᠩᠰᠢ ᠶᠢ ᠲᠣᠭᠲᠠᠪᠤᠷᠢᠵᠢᠭᠤᠯᠬᠤ᠂ ᠪᠠᠴᠢᠮ ᠪᠠᠶᠢᠳᠠᠯ ᠢ ᠠᠷᠭᠠᠴᠠᠭᠠᠬᠤ ᠵᠦᠢᠯ ᠢ ᠨᠦᠬᠡᠴᠡᠯᠡᠬᠦ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠲᠡᠳᠬᠦᠮᠵᠢ ᠶᠢᠨ ᠪᠡᠯᠡ ᠮᠥᠩᠭᠦ ᠶᠢ ᠰᠠᠶᠢᠲᠤᠷ ᠬᠡᠷᠡᠭᠯᠡᠬᠦ ᠪᠠᠷ ᠴᠢᠷᠮᠠᠶᠢᠵᠤ᠂ ᠠᠷᠭ᠎ᠠ ᠪᠦᠬᠦᠨ ᠢ ᠰᠦᠪᠡᠭᠴᠢᠯᠡᠨ ᠮᠠᠯᠴᠢᠨ ᠲᠠᠷᠢᠶᠠᠴᠢᠨ ᠢ ᠬᠠᠪᠰᠤᠷᠤᠨ ᠬᠦᠴᠢᠷ ᠢ ᠲᠤᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠳᠤ ︽ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠣᠯᠢ ᠪᠠᠷ ᠵᠠᠰᠠᠬᠤ ᠶᠢ ᠬᠦᠴᠦᠯᠡᠨ ᠠᠬᠢᠭᠤᠯᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾᠎ ᠢ ᠤᠯᠠᠮᠵᠢᠯᠠᠨ ᠰᠤᠷᠤᠯᠴᠠᠵᠤ᠂ ᠪᠥᠬᠦ ᠠᠶᠢᠮᠠᠭ ᠤᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠠᠨᠠᠯ ᠱᠠᠭᠠᠷᠳᠠᠯᠭ᠎ᠠ ᠶᠢ ᠰᠠᠶᠢᠲᠤᠷ ᠰᠤᠷᠤᠯᠴᠠᠵᠤ᠂ ᠰᠠᠶᠢᠲᠤᠷ ᠳᠣᠣᠱᠯᠠᠭᠤᠯᠵᠦ᠂ ᠰᠠᠶᠢᠲᠤᠷ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠣᠯᠢ ᠪᠠᠷ ᠵᠠᠰᠠᠬᠤ ᠶᠢ ᠶᠡᠭᠡ ᠪᠠᠷ ᠠᠬᠢᠭᠤᠯᠵᠤ᠂ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠵᠠᠷᠴᠢᠮ ᠶᠣᠰᠣᠭᠠᠷ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠬᠠᠤᠯᠢ ᠲᠣᠭᠲᠠᠭᠠᠯ ᠶᠣᠰᠣᠭᠠᠷ ᠠᠵᠢᠯ ᠶᠠᠪᠤᠳᠠᠯ ᠬᠦᠢᠴᠡᠳᠬᠡᠬᠦ ᠬᠡᠷᠡᠭᠲᠡᠶ᠃ ᠵᠠᠬᠢᠳᠠᠯ ᠰᠤᠷᠪᠤᠯᠵᠢᠯᠠᠭ᠎ᠠ ᠶᠢᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠲᠦᠷᠢᠮ ᠢ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠡᠬᠡ ᠲᠠᠩᠰᠠ ᠶᠢ ᠨᠠᠷᠢᠨ ᠬᠢᠨᠠᠮᠠᠭᠠᠶ ᠡᠮᠬᠢᠯᠡᠨ ᠳᠢᠭᠯᠡᠵᠦ᠂ ᠠᠰᠠᠭᠤᠳᠠᠯ ᠤᠨ ᠡᠭᠦᠰᠦᠭᠰᠡᠨ ᠰᠢᠯᠲᠠᠭᠠᠨ ᠢ ᠨᠢᠭᠡᠳ ᠨᠢᠭᠡ ᠪᠠᠷ ᠵᠠᠳᠠᠯᠵᠤ᠂ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠨᠢᠭᠡᠪᠦᠷᠢ ᠶᠢ ᠦᠨᠡᠨ ᠬᠦ ᠰᠠᠶᠢᠲᠤᠷ ᠬᠢᠵᠦ᠂       ︽ᠤᠴᠢᠷ ᠶᠠᠪᠤᠳᠠᠯ ᠢ ᠰᠢᠢᠳᠪᠦᠷᠢᠯᠡᠵᠦ ᠰᠡᠳᠬᠢᠯ ᠢ ᠳᠠᠶᠢᠪᠣᠰᠢᠷᠠᠭᠤᠯᠬᠤ︾᠎ ᠶᠢ ᠠᠬᠢᠭᠤᠯᠬᠤ ᠬᠡᠷᠡᠭᠳᠡᠢ᠃ ᠵᠠᠬᠢᠳᠠᠯ ᠰᠤᠷᠪᠤᠯᠵᠢᠯᠠᠭ᠎ᠠ ᠤᠯᠠᠨ ᠡᠭᠦᠰᠬᠦ ᠬᠦᠷᠢᠶ᠎ᠡ ᠪᠠ ᠵᠥᠷᠢᠴᠡᠯ ᠤᠨ ᠳᠠᠷᠤᠭᠳᠠᠮᠠᠯ ᠬᠡᠷᠡᠭ ᠢ ᠴᠢᠩᠭ᠎ᠠ ᠠᠩᠬᠠᠷᠴᠤ᠂ ᠪᠡᠷᠭᠡ ᠶᠢ ᠳᠠᠪᠠᠭ᠋ᠣ ᠡᠷᠴᠢᠮ ᠢᠶᠠᠨ ᠴᠢᠩᠭᠠᠷᠠᠭᠤᠯᠵᠤ᠂ ᠳᠤᠲᠠᠭᠤᠳᠠᠯ ᠢ ᠨᠥᠬᠦᠪᠥᠷᠢᠯᠡᠵᠦ᠂ ᠵᠥᠷᠢᠴᠡᠯ ᠢ ᠰᠢᠢᠳᠪᠦᠷᠢᠯᠡᠬᠦ ᠨᠤᠷᠮ᠎ᠠ ᠶᠢ ᠴᠢᠷᠮᠠᠶᠢᠨ ᠳᠡᠭᠡᠭᠰᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠡᠭᠦᠰᠬᠦ ᠨᠤᠷᠮ᠎ᠠ ᠶᠢ ᠪᠠᠭᠤᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠬᠦᠷᠢᠶᠡᠨ ᠤ ᠡᠯ᠎ᠡ ᠲᠦᠷᠦᠯ ᠤᠨ ᠡᠮᠬᠢ ᠵᠠᠮᠪᠠᠷᠠᠭ᠎ᠠ ᠦᠭᠡᠢ ᠪᠠᠶᠢᠳᠠᠯ ᠢ ᠵᠢᠷᠤᠮᠵᠢᠭᠤᠯᠤᠨ ᠵᠠᠰᠠᠵᠤ᠂ ᠰᠠᠶᠢᠨ ᠰᠠᠶᠢᠬᠠᠨ ᠵᠠᠬᠢᠳᠠᠯ ᠰᠤᠷᠪᠤᠯᠵᠢᠯᠠᠭ᠎ᠠ ᠶᠢᠨ ᠣᠷᠴᠢᠨ ᠲᠣᠭᠤᠷᠢᠨ᠂ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠵᠤ᠂ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠤᠷᠠᠯ ᠳᠤ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号