7 ᠰᠠᠷ᠎ᠠ ᠶᠢᠨ 13 ᠤ ᠡᠳᠦᠷ᠂ ᠤᠯᠤᠰ ᠤᠨ ᠰᠣᠶᠣᠯ ᠵᠤᠭᠠᠴᠠᠯ ᠤᠨ ᠬᠡᠯᠲᠡᠰ ︽ᠤᠯᠤᠰ ᠤᠨ ᠤᠯᠠᠨ | ᠨᠡᠶᠢᠲᠡ ᠶᠢᠨ ᠰᠣᠶᠣᠯ ᠤᠨ ᠴᠠᠬᠢᠮ ᠲᠠᠪᠴᠠᠩ︾ ᠵᠡᠷᠭᠡ ᠲᠠᠪᠴᠠᠩ ᠢᠶᠠᠷ ᠰᠢᠭᠤᠳ ᠨᠡᠪᠲᠡᠷᠡᠭᠦᠯᠦᠭᠰᠡᠨ ᠠᠩᠬᠠᠳᠤᠭᠠᠷ | ᠬᠤᠭᠤᠴᠠᠭᠠᠨ ᠤ ︽ᠡᠪ ᠨᠠᠶᠢᠷᠠᠮᠳᠠᠭᠤ ᠬᠦᠳᠡᠭᠡ ᠲᠤᠰᠬᠤᠨ᠂ ᠡᠭᠦᠳᠡᠨ ᠡᠮᠦᠨᠡᠬᠢ ᠲᠤᠰᠬᠤᠨ ᠤ ᠦᠳᠡᠰᠢᠯᠡᠭᠡ︾ | 2024 ᠣᠨ ᠤ ᠡᠵᠡᠨ᠎ᠡ ᠬᠤᠰᠢᠭᠤᠨ ᠤ ᠵᠤᠨ ᠤ ᠤᠯᠠᠷᠢᠯ ᠤᠨ ᠲᠤᠰᠬᠤᠨ ᠤ ᠦᠳᠡᠰᠢᠯᠡᠭᠡ ᠪᠠᠶᠠᠨᠲᠤᠤᠷᠠᠢ | ᠰᠤᠮᠤ ᠶᠢᠨ ᠤᠩᠭᠤᠴᠠ ᠶᠢᠨ ᠲᠤᠤᠷᠠᠢ ᠭᠠᠴᠠᠭᠠᠨ ᠤ ᠬᠥᠳᠡᠭᠡ ᠲᠣᠰᠬᠤᠨ ᠤ ᠲᠣᠮᠣ ᠲᠠᠶᠢᠰᠠᠨ ᠳᠤ ᠬᠦᠷ | ᠬᠥᠭᠵᠢᠶᠡᠨ ᠲᠠᠢ ᠲᠤᠭᠯᠠᠭᠳᠠᠪᠠ᠃ | ᠡᠯ᠎ᠡ ᠨᠡᠶᠢᠭᠡᠮ ᠤᠨ ᠪᠦᠯᠬᠦᠮ ᠵᠢᠴᠢ ᠭᠠᠴᠠᠭᠠᠨ ᠤ ᠮᠠᠯᠴᠢᠨ ᠲᠠᠷᠢᠶᠠᠴᠢᠳ ᠤᠨ ᠨᠠᠷᠢᠨ ᠨᠢᠮᠪᠠᠢ ᠪᠡᠯᠡᠳᠬᠡᠭᠰᠡᠨ 12 | ᠲᠤᠭᠯᠠᠯᠲᠠ ᠨᠢ ᠳᠠᠷᠠᠭᠠᠯᠠᠨ ᠲᠤᠭᠯᠠᠭᠳᠠᠨᠠ᠃ ᠤᠶᠠᠩᠭᠠᠲᠤ ᠳᠠᠭᠤᠤ᠂ ᠤᠷᠠᠨ ᠪᠦᠵᠢᠭ᠂ ᠬᠤᠭᠤᠷ ᠬᠦᠭᠵᠢᠮ ᠤᠨ | ᠠᠶᠠᠯᠭᠤ᠂ ᠬᠤᠪᠴᠠᠰᠤ ᠵᠠᠰᠠᠯ ᠤᠨ ᠦᠵᠡᠭᠦᠯᠦᠯᠭᠡ ᠪᠠᠷ ᠤᠷᠤᠨ ᠨᠤᠲᠤᠭ ᠤᠨ ᠵᠠᠩ ᠳᠠᠳᠬᠠᠯ᠂ ᠮᠠᠯᠴᠢᠨ | ᠲᠠᠷᠢᠶᠠᠴᠢᠳ ᠤᠨ ᠰᠡᠳᠭᠢᠯᠭᠡ ᠪᠠ ᠦᠨᠳᠦᠰᠦᠲᠡᠨ ᠤ ᠪᠦᠯᠬᠦᠮᠳᠡᠯ ᠢ ᠢᠯᠡᠷᠡᠭᠦᠯᠦᠭᠰᠡᠨ ᠢᠶᠠᠷ ᠪᠠᠷᠠᠬᠤ ᠦᠭᠡᠢ᠂ | ᠲᠤᠬᠠᠢ ᠶᠢᠨ ᠲᠠᠯᠠᠪᠤᠷ ᠤᠨ ᠦᠵᠡᠭᠴᠢᠳ ᠲᠤ ᠡᠵᠡᠨ᠎ᠡ ᠬᠤᠰᠢᠭᠤᠨ ᠤ ᠬᠥᠳᠡᠭᠡ ᠲᠣᠰᠬᠤᠨ ᠤ ᠰᠣᠶᠣᠯ ᠤᠨ ᠷᠢᠳᠢ | ᠰᠢᠳᠢ ᠶᠢ ᠣᠶᠢᠯᠠᠭᠠᠭᠤᠯᠵᠤ᠂ ᠦᠢ ᠣᠯᠠᠨ ᠵᠤᠭᠠᠴᠠᠭᠰᠠᠳ ᠤᠨ ᠠᠩᠬᠠᠷᠤᠯ ᠢ ᠲᠠᠲᠠᠵᠠᠢ᠃ | ᠵᠣᠨ ᠤ ︽ᠲᠣᠰᠬᠤᠨ ᠤ ᠦᠳᠡᠰᠢᠯᠡᠭᠡ︾ ᠨᠢ ︽ᠠᠷᠠᠳ ᠤᠨ ᠣᠳᠣᠨ︾ ᠳᠤ ᠳᠠᠪᠠᠭᠤᠯᠢᠭ ᠢᠶᠠᠨ | ᠭᠠᠶᠢᠬᠠᠭᠤᠯᠬᠤ ᠲᠠᠪᠴᠠᠩ ᠢ ᠪᠠᠶᠢᠭᠤᠯᠵᠤ ᠥᠭᠭᠦᠭᠰᠡᠨ ᠢᠶᠠᠷ ᠪᠠᠷᠠᠬᠤ ᠦᠭᠡᠢ᠂ ᠨᠠᠩ ᠴᠤ ᠭᠠᠴᠠᠭᠠᠨ ᠤ ᠮᠠᠯᠴᠢᠨ | ᠲᠠᠷᠢᠶᠠᠴᠢᠳ ᠲᠤ ᠪᠠᠶᠠᠰᠦᠯᠴᠠᠨ ᠰᠡᠯᠡᠭᠦᠴᠡᠬᠦ ᠲᠣᠬᠢᠶᠠᠯ ᠣᠯᠭᠤᠵᠤ᠂ ︽ᠭᠡᠷ ᠤᠨ ᠡᠭᠦᠳᠡᠨ ᠳᠠᠬᠢ︾ ︽ᠰᠣᠶᠣᠯ ᠤᠨ | ᠲᠠᠩᠰᠤᠭ ᠰᠢᠮ᠎ᠡ︾ ᠶᠢ ᠤᠯᠠᠮ ᠪᠠᠶᠠᠯᠢᠭᠵᠢᠭᠤᠯᠤᠭᠰᠠᠨ ᠪᠠᠶᠢᠨ᠎ᠠ᠃ | ᠲᠤᠰ ᠤᠳᠠᠭᠠᠨ ᠤ ᠠᠵᠢᠯᠯᠠᠭ᠎ᠠ ᠶᠢ ᠤᠯᠤᠰ ᠤᠨ ᠰᠣᠶᠣᠯ ᠵᠤᠭᠠᠴᠠᠯ ᠤᠨ ᠬᠡᠯᠲᠡᠰ ᠤᠨ ︽ᠤᠯᠤᠰ ᠤᠨ ᠤᠯᠠᠨ | ᠨᠡᠶᠢᠲᠡ ᠶᠢᠨ ᠰᠣᠶᠣᠯ ᠤᠨ ᠴᠠᠬᠢᠮ ᠲᠠᠪᠴᠠᠩ︾᠂ ︽ᠡᠵᠡᠨ᠎ᠡ ᠶᠢᠨ ᠬᠠᠮ ᠵᠠᠭᠤᠴᠢᠯᠠᠭᠤᠷ︾ ᠤᠨ ᠲᠢᠺ ᠲᠤᠺ | ᠲᠠᠪᠴᠠᠩ᠂ ᠤᠬᠤᠷ ᠪᠢᠴᠢᠯᠭᠡ ᠶᠢᠨ ᠲᠠᠪᠴᠠᠩ᠂ ᠦᠪᠦᠷ ᠮᠤᠩᠭᠤᠯ ᠤᠨ ᠷᠠᠳᠢᠤ᠋ ᠲᠧᠯᠸᠢᠰ ᠲᠤᠪᠴᠢᠶᠠᠨ ᠤ ᠨᠡᠶᠢᠲᠡ | ᠶᠢᠨ ᠲᠠᠪᠴᠠᠩ ᠢᠶᠠᠷ ᠪᠦᠬᠦ ᠶᠠᠪᠤᠴᠠ ᠶᠢ ᠰᠢᠭᠤᠳ ᠨᠡᠪᠲᠡᠷᠡᠭᠦᠯᠵᠦ᠂ ᠪᠦᠬᠦ ᠰᠦᠯᠵᠢᠶᠡᠨ ᠤ ᠰᠢᠭᠤᠳ | ᠨᠡᠪᠲᠡᠷᠡᠭᠦᠯᠭᠡ ᠶᠢ ᠦᠵᠡᠭᠰᠡᠨ ᠬᠥᠮᠥᠨ ᠤ ᠲᠤᠭ᠎ᠠ 25 ᠲᠦᠮᠡᠨ ᠬᠥᠮᠥᠨ ᠤᠳᠠᠭ᠎ᠠ ᠶᠢ ᠳᠠᠪᠠᠵᠤ᠂ ᠨᠡᠩ ᠤᠯᠠᠨ | ᠬᠥᠮᠥᠨ ᠳᠤ ᠡᠵᠡᠨ᠎ᠡ ᠬᠤᠰᠢᠭᠤᠨ ᠤ ᠥᠪᠡᠷᠮᠢᠴᠡ ᠵᠠᠩ ᠦᠢᠯᠡ ᠶᠢ ᠣᠶᠢᠯᠠᠭᠠᠭᠤᠯᠵᠠᠢ᠃ ᠡᠨᠡ ᠵᠢᠯ ᠤᠨ 3 | ᠰᠠᠷ᠎ᠠ ᠳᠤ᠂ ᠰᠣᠶᠣᠯ ᠪᠠ ᠵᠤᠭᠠᠴᠠᠯ ᠤᠨ ᠬᠡᠯᠲᠡᠰ 2024 ᠣᠨ ᠤ ᠪᠦᠬᠦ ᠤᠯᠤᠰ ᠤᠨ ︽ᠵᠤᠨ ᠤ ᠤᠯᠠᠷᠢᠯ ᠤᠨ | ᠲᠣᠰᠬᠤᠨ ᠤ ᠦᠳᠡᠰᠢᠯᠡᠭᠡ︾ ᠶᠢᠨ ᠵᠢᠱᠢᠶ᠎ᠡ ᠦᠵᠡᠭᠦᠯᠬᠦ ᠦᠵᠡᠭᠦᠯᠦᠯᠭᠡ ᠶᠢᠨ ᠴᠡᠭ ᠤᠨ ᠨᠡᠷᠡᠰ ᠢ ᠨᠡᠶᠢᠲᠡᠯᠡᠵᠦ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 3 ᠭᠠᠵᠠᠷ ᠰᠣᠩᠭᠤᠭᠳᠠᠨ ᠣᠷᠣᠵᠤ᠂ ᠡᠵᠡᠨ᠎ᠡ | ᠬᠤᠰᠢᠭᠤᠨ ᠤ ︽ᠡᠪ ᠨᠠᠶᠢᠷᠠᠮᠳᠠᠭᠤ ᠬᠦᠳᠡᠭᠡ ᠲᠤᠰᠬᠤᠨ᠂ ᠡᠭᠦᠳᠡᠨ ᠡᠮᠦᠨᠡᠬᠢ ᠲᠤᠰᠬᠤᠨ ᠤ ᠦᠳᠡᠰᠢᠯᠡᠭᠡ︾ ᠪᠣᠯ | ᠳᠠᠷᠤᠢ ᠲᠡᠭᠦᠨ ᠤ ᠳᠣᠲᠣᠷᠠᠬᠢ ᠨᠢᠭᠡ ᠨᠢ ᠪᠣᠯᠣᠨ᠎ᠠ᠂ ᠲᠤᠰ ᠤᠳᠠᠭᠠᠨ ᠤ ᠠᠵᠢᠯᠯᠠᠭ᠎ᠠ ᠨᠢ ᠰᠣᠶᠣᠯ ᠵᠢᠭᠤᠯᠴᠢᠯᠠᠯ ᠢ | ᠨᠢᠭᠲᠠ ᠤᠶᠠᠯᠳᠤᠭᠤᠯᠵᠤ᠂ ᠬᠥᠳᠡᠭᠡ ᠲᠣᠰᠬᠤᠨ ᠢ ︽ᠬᠥᠭᠵᠢᠶᠡᠨ ᠲᠠᠢ︾ ᠪᠤᠯᠭᠠᠨ᠂ ᠠᠷᠠᠳ ᠢᠷᠭᠡᠳ ᠲᠤ ︽ | ᠠᠮᠲᠠ ᠰᠢᠮᠲᠡ ᠲᠠᠢ︾ ᠰᠣᠶᠣᠯ ᠤᠨ ᠦᠪᠡᠳᠡᠭᠰᠢ ᠨᠠᠶᠢᠷ ᠢ ᠰᠤᠨᠢᠷᠬᠠᠭᠤᠯᠤᠭᠰᠠᠨ ᠪᠠᠶᠢᠨ᠎ᠠ᠃ ᠬᠥᠳᠡᠭᠡ ᠲᠣᠰᠬᠤᠨ ᠤ | ᠵᠤᠭᠠᠴᠠᠯ ᠤᠨ ᠵᠠᠬ᠎ᠠ ᠳᠡᠯᠭᠡᠭᠦᠷ ᠤᠨ ᠬᠥᠭᠵᠢᠯ ᠴᠡᠴᠡᠭᠯᠡᠯ ᠢ ᠰᠢᠭᠤᠳ ᠳᠠᠶᠢᠴᠢᠯᠠᠭᠰᠠᠨ ᠢᠶᠠᠷ ᠪᠠᠷᠠᠬᠤ ᠦᠭᠡᠢ᠂ ᠨᠡᠩ | ᠴᠤ ᠬᠥᠳᠡᠭᠡ ᠲᠣᠰᠬᠤᠨ ᠤ ᠠᠵᠤ ᠠᠬᠤᠢ ᠶᠢᠨ ᠤᠯᠠᠨ ᠡᠰᠢᠴᠢᠯᠡᠭᠰᠡᠨ ᠬᠥᠭᠵᠢᠯᠲᠡ ᠳᠤ ᠰᠢᠨ᠎ᠡ ᠠᠮᠢᠵᠢᠷᠠᠯ ᠤᠨ | ᠬᠦᠴᠦᠨ ᠨᠡᠮᠡᠷᠢᠯᠡᠵᠦ᠂ ᠠᠵᠤ ᠠᠬᠤᠢ ᠶᠢᠨ ᠦᠷ᠎ᠡ ᠠᠰᠢᠭ ᠪᠣᠯᠣᠨ ᠰᠣᠶᠣᠯ ᠤᠨ ᠤᠯᠠᠮᠵᠢᠯᠠᠯ ᠤᠨ ᠬᠤᠣᠰ | ᠠᠮᠵᠢᠯᠲᠠ ᠶᠢ ᠪᠡᠶᠡᠯᠡᠭᠦᠯᠵᠡᠢ᠃ | ᠬᠤᠰᠢᠭᠤᠨ ᠤ ᠰᠤᠶᠤᠯ ᠵᠤᠭᠠᠴᠠᠯ ᠷᠠᠳᠢᠤ᠋ ᠲᠧᠯᠸᠢᠰ ᠤᠨ ᠲᠤᠪᠴᠢᠶ᠎ᠠ ᠶᠢᠨ ᠨᠠᠮ ᠤᠨ ᠳᠤᠭᠤᠶᠢᠯᠠᠩ ᠤᠨ | ᠱᠦᠵᠢ᠂ ᠲᠤᠪᠴᠢᠶᠠᠨ ᠳᠠᠷᠤᠭ᠎ᠠ ᠵᠢᠶᠠᠩ ᠵᠢᠦᠢ ᠮᠧᠢ᠄ ︽ᠲᠣᠰ ᠤᠳᠠᠭᠠᠨ ᠤ ︽ᠵᠣᠨ ᠤ ᠤᠯᠠᠷᠢᠯ ᠤᠨ ᠲᠣᠰᠬᠤᠨ ᠤ | ᠦᠳᠡᠰᠢᠯᠡᠭᠡ︾ ᠨᠢ ︽ᠲᠣᠰᠬᠤᠨ ᠤ ᠦᠳᠡᠰᠢᠯᠡᠭᠡ +︾ ᠶᠢᠨ ᠬᠡᠯᠪᠡᠷᠢ ᠪᠠᠷ ᠣᠯᠠᠨ ᠲᠦᠮᠡᠨ ᠤ ᠤᠳᠬ᠎ᠠ ᠤᠷᠠᠯᠢᠭ᠂ | ᠪᠣᠳᠠᠰ ᠤᠨ ᠪᠤᠰᠤ ᠰᠣᠶᠣᠯ ᠤᠨ ᠥᠪ᠂ ᠣᠨᠴᠠᠯᠢᠭᠲᠤ ᠢᠳᠡᠭᠡᠨ᠂ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ | ᠵᠡᠷᠭᠡ ᠶᠢ ᠬᠠᠷᠢᠯᠴᠠᠨ ᠤᠶᠠᠯᠳᠤᠭᠤᠯᠬᠤ ᠶᠢ ᠢᠳᠡᠪᠬᠢᠲᠡᠢ ᠠᠬᠢᠭᠤᠯᠵᠤ᠂ ᠵᠤᠭᠠᠴᠠᠭᠰᠠᠳ ᠲᠤ ᠮᠠᠨ ᠤ ᠬᠤᠰᠢᠭᠤᠨ ᠤ | ᠣᠨᠴᠠᠯᠢᠭᠲᠤ ᠰᠣᠶᠣᠯ ᠪᠠ ᠣᠨᠴᠠᠯᠢᠭᠲᠤ ᠢᠳᠡᠭᠡᠨ ᠢ ᠣᠶᠢᠯᠠᠭᠠᠭᠤᠯᠬᠤ ᠶᠢᠨ ᠬᠠᠮᠲᠤ ︽ᠲᠣᠰᠬᠤᠨ ᠤ ᠦᠳᠡᠰᠢᠯᠡᠭᠡ︾ | ᠶᠢᠨ ᠠᠵᠢᠯᠯᠠᠭ᠎ᠠ ᠶᠢ ᠦᠨᠡᠨ ᠬᠦ ᠮᠠᠨ ᠤ ᠬᠤᠰᠢᠭᠤᠨ ᠤ ᠣᠯᠠᠨ ᠲᠦᠮᠡᠨ ᠤ ᠤᠷ᠎ᠠ ᠴᠢᠳᠠᠪᠤᠷᠢ ᠶᠢᠨ ᠦᠵᠡᠭᠦᠯᠦᠯᠭᠡ᠂ | ᠣᠨᠴᠠᠯᠢᠭᠲᠤ ᠰᠣᠶᠣᠯ᠂ ᠰᠣᠶᠣᠯ ᠵᠢᠭᠤᠯᠴᠢᠯᠠᠯ ᠤᠨ ᠠᠭᠤᠰᠤᠯᠴᠠᠯ ᠤᠨ ᠲᠣᠮᠣ ᠲᠠᠪᠴᠠᠩ ᠪᠣᠯᠭᠠᠨ᠎ᠠ᠃ ᠪᠢᠳᠡ ᠢᠷᠡᠬᠦ | ᠵᠢᠯ ᠤᠯᠤᠰ ᠤᠨ ᠲᠠᠰ ᠤᠨ ᠳᠥᠷᠪᠡᠨ ᠤᠯᠠᠷᠢᠯ ᠤᠨ ᠲᠣᠰᠬᠤᠨ ᠤ ᠦᠳᠡᠰᠢᠯᠡᠭᠡ ᠶᠢᠨ ᠠᠵᠢᠯᠯᠠᠭ᠎ᠠ ᠳᠤ ᠳᠠᠬᠢᠨᠲᠠ | ᠮᠡᠳᠡᠭᠦᠯᠬᠦ ᠪᠠᠷ ᠴᠢᠷᠮᠠᠶᠢᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠂ ᠰᠣᠶᠣᠯ | ᠵᠢᠭᠤᠯᠴᠢᠯᠠᠯ ᠤᠨ ᠠᠭᠤᠰᠤᠯᠴᠠᠯ ᠢ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠳᠥᠷᠪᠡᠨ ᠤᠯᠠᠷᠢᠯ ᠤᠨ | ᠵᠢᠭᠤᠯᠴᠢᠯᠠᠯ ᠢ ᠴᠤᠭᠴᠠᠯᠠᠬᠤ ᠪᠠᠷ ᠴᠢᠷᠮᠠᠶᠢᠨ᠎ᠠ︾ ᠭᠡᠪᠡ᠃ |