ᠤᠶᠢᠷ᠎ᠠ ᠶᠢᠨ ᠡᠳᠦᠷ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠦᠨᠡᠯᠡᠨ ᠵᠢᠱᠢᠵᠦ | ᠬᠢᠨᠠᠨ ᠵᠢᠯᠤᠭᠤᠳᠬᠤ ᠲᠤᠭᠤᠶᠢᠯᠠᠩ ᠤᠨ ᠳᠡᠳ᠋ ᠳᠠᠷᠤᠭ᠎ᠠ ᠲᠠᠨ ᠴᠧᠩ ᠸᠧᠨ ᠬᠢᠨᠠᠨ ᠵᠢᠯᠤᠭᠤᠳᠴᠤ ᠪᠠᠶᠢᠴᠠᠭᠠᠨ | ᠰᠤᠳᠤᠯᠬᠤ ᠳᠤᠭᠤᠶᠢᠯᠠᠩ ᠢ ᠳᠠᠭᠠᠭᠤᠯᠤᠨ ᠮᠠᠨ ᠤ ᠬᠤᠰᠢᠭᠤᠨ ᠳᠤ ᠢᠷᠡᠵᠤ ᠠᠯᠠᠱᠠ ᠠᠶᠢᠮᠠᠭ ᠤᠨ ᠬᠢᠯᠢ ᠪᠠᠨ | ᠬᠦᠴᠦᠷᠬᠡᠭᠵᠢᠬᠦᠯᠦᠨ ᠬᠢᠯᠢ ᠪᠠᠨ ᠬᠥᠭᠵᠢᠭᠦᠯᠵᠦ ᠬᠢᠯᠢ ᠪᠠᠨ ᠪᠠᠬᠢᠵᠢᠭᠦᠯᠬᠦ ᠪᠦᠲᠦᠭᠡᠨ ᠪᠠᠶᠢᠭᠤᠯᠤᠯᠲᠠ ᠶᠢᠨ ᠲᠥᠷᠥᠯ | ᠵᠦᠢᠯ᠂ ᠤᠮᠠᠷᠠᠲᠤ ᠶᠢᠨ ᠭᠤᠷᠪᠠᠨ ᠣᠷᠣᠨ ᠤ ᠢᠨᠵᠧᠨᠧᠷᠢᠩ ᠤᠨ ᠬᠤᠯᠪᠣᠭᠳᠠᠯ ᠪᠦᠬᠦᠢ ᠲᠥᠷᠥᠯ ᠵᠦᠢᠯ ᠤᠨ | ᠬᠡᠷᠡᠭᠵᠢᠭᠦᠯᠦᠯᠲᠡ ᠶᠢᠨ ᠪᠠᠶᠢᠳᠠᠯ ᠢ ᠬᠢᠨᠠᠨ ᠵᠢᠯᠤᠭᠤᠳᠴᠤ ᠪᠠᠶᠢᠴᠠᠭᠠᠨ ᠰᠤᠳᠤᠯᠪᠠ᠃ | ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠪᠠᠷᠠᠭᠤᠨ ᠣᠷᠣᠨ ᠤ | ᠴᠦᠯᠯᠡᠷᠬᠡᠭᠵᠢᠯ ᠤᠨ ᠠᠮᠢ ᠠᠬᠤᠢ ᠶᠢᠨ ᠵᠠᠰᠠᠯᠲᠠ ᠶᠢᠨ ᠢᠨᠵᠧᠨᠧᠷᠢᠩ᠂ ᠰᠤᠪᠨᠠᠭᠤᠷ ᠤᠨ ᠨᠤᠭᠤ ᠭᠠᠵᠠᠷ ᠤᠨ | ᠤᠰᠤᠨ ᠤ ᠠᠮᠢ ᠠᠬᠤᠢ ᠶᠢ ᠵᠠᠰᠠᠨ ᠰᠡᠷᠭᠦᠭᠡᠬᠦ ᠢᠨᠵᠧᠨᠧᠷᠢᠩ ᠤᠨ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠵᠦ᠂ | ᠲᠦᠷᠦᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ ᠦᠵᠡᠬᠦ ᠶᠢᠨ ᠳᠠᠭᠠᠤ ᠳᠤ ᠠᠬᠢᠴᠠ ᠶᠢᠨ ᠪᠠᠶᠢᠳᠠᠯ ᠢ | ᠯᠠᠪᠯᠠᠨ ᠠᠰᠠᠭᠤᠪᠠ᠃ ᠬᠢᠨᠠᠨ ᠵᠢᠯᠤᠭᠤᠳᠴᠤ ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠬᠤ | ᠳᠠᠭᠠᠨ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠷᠢᠳ ᠬᠤᠵᠢᠳ ᠠᠯᠢ ᠣᠯᠠᠨ ᠴᠢᠬᠤᠯᠠ ᠶᠡᠭᠡ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠡᠶᠢᠲᠡᠯᠡᠨ᠂ ᠬᠤᠯᠪᠣᠭᠳᠠᠯ ᠪᠦᠬᠦᠢ ᠲᠥᠷᠥᠯ ᠵᠦᠢᠯ ᠤᠨ ᠪᠡᠯᠡ | ᠮᠥᠩᠭᠦ ᠶᠢᠨ ᠣᠷᠣᠭᠤᠯᠤᠯᠲᠠ ᠶᠢ ᠦᠷᠭᠦᠯᠵᠢᠯᠡᠨ ᠨᠡᠮᠡᠭᠳᠡᠭᠦᠯᠵᠦ᠂ ᠠᠮᠢ ᠠᠬᠤᠢ ᠶᠢᠨ ᠣᠷᠴᠢᠨ ᠨᠥᠬᠦᠴᠡᠯ ᠢ | ᠲᠠᠰᠤᠷᠠᠯᠲᠠ ᠦᠭᠡᠢ ᠰᠠᠶᠢᠵᠢᠷᠠᠭᠤᠯᠤᠨ᠂ ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠪᠠ᠃ ᠡᠶᠢᠮᠤ ᠠᠴᠠ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ | ᠨᠠᠮ ᠤᠨ ᠬᠤᠷᠢᠶ᠎ᠠ ᠡᠷᠬᠡᠪᠰᠢ ᠠᠮᠢ ᠠᠬᠤᠢ ᠶᠢᠨ ᠵᠠᠰᠠᠯᠲᠠ᠂ ᠠᠮᠢ ᠠᠬᠤᠢ ᠶᠢᠨ ᠰᠡᠷᠭᠦᠭᠡᠯᠲᠡ ᠶᠢᠨ ᠢᠨᠵᠧᠨᠧᠷᠢᠩ ᠢ | ᠬᠡᠷᠡᠭᠵᠢᠭᠦᠯᠬᠦ ᠬᠦᠴᠦᠯᠡᠴᠡ ᠪᠠᠨ ᠴᠢᠩᠭᠠᠳᠬᠠᠵᠤ᠂ ᠢᠳᠡᠪᠬᠢᠲᠡᠢ ᠪᠥᠭᠡᠳ ᠪᠦᠲᠦᠮᠵᠢᠲᠡᠶ ᠠᠷᠭ᠎ᠠ ᠬᠡᠮᠵᠢᠶ᠎ᠡ ᠠᠪᠤᠨ᠂ | ᠴᠦᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠶᠢ ᠰᠢᠨᠵᠢᠯᠡᠬᠦ ᠤᠬᠠᠭᠠᠨᠴᠢ ᠪᠠᠷ ᠲᠦᠯᠬᠢᠨ ᠠᠬᠢᠭᠤᠯᠵᠤ᠂ ᠣᠷᠣᠨ | ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠬᠡᠷᠡᠭᠲᠡᠢ᠃ ᠮᠦᠨᠴᠤ ᠤᠯᠤᠰ ᠲᠦᠷᠦ ᠶᠢᠨ | ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ ᠢ ᠪᠠᠲᠤ ᠪᠤᠢ | ᠪᠤᠯᠭᠠᠨ᠂ ᠪᠡᠶᠡᠴᠢ ᠴᠢᠳᠠᠮᠠᠭᠠᠢ ᠴᠢᠨᠠᠷ ᠢᠶᠠᠨ ᠭᠦᠢᠴᠡᠳ ᠪᠠᠳᠠᠷᠠᠭᠤᠯᠵᠤ᠂ ᠪᠠᠷᠢᠯᠭ᠎ᠠ ᠶᠢᠨ ᠠᠵᠢᠯ ᠤᠨ ᠬᠦᠴᠦᠨ ᠢ | ᠰᠢᠨᠵᠢᠯᠡᠬᠦ ᠤᠬᠠᠭᠠᠨᠴᠢ ᠪᠠᠷ ᠵᠣᠬᠢᠶᠠᠨ ᠪᠠᠶᠢᠭᠤᠯᠤᠨ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ | ᠳᠣᠣᠷ᠎ᠠ᠂ ᠪᠠᠷᠢᠯᠭ᠎ᠠ ᠶᠢᠨ ᠬᠤᠭᠤᠴᠠᠭᠠᠨ ᠤ ᠠᠬᠢᠴᠠ ᠶᠢ ᠠᠮᠵᠢᠵᠤ᠂ ᠡᠯ᠎ᠡ ᠵᠦᠢᠯ ᠤᠨ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠠᠬᠢᠭᠤᠯᠤᠨ᠂ ᠮᠠᠨ ᠤ ᠤᠯᠤᠰ ᠤᠨ ᠤᠮᠠᠷᠠᠲᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠢᠳᠡᠪᠬᠢᠲᠡᠢ ᠬᠤᠪᠢ ᠨᠡᠮᠡᠷᠢ | ᠦᠵᠡᠭᠦᠯᠬᠦ ᠬᠡᠷᠡᠭᠲᠡᠢ ᠭᠡᠵᠡᠢ᠃ | ᠡᠨᠡ ᠬᠤᠭᠤᠴᠠᠭᠠᠨ ᠳᠤ᠂ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠴᠡᠭᠡ ᠪᠣᠭᠤᠮᠲᠠ ᠵᠡᠷᠭᠡ | ᠭᠠᠵᠠᠷ ᠲᠤ ᠬᠦᠷᠴᠦ᠂ ᠪᠣᠭᠤᠮᠲᠠ ᠶᠢᠨ ᠬᠥᠭᠵᠢᠯᠲᠡ ᠪᠦᠲᠦᠭᠡᠨ ᠪᠠᠶᠢᠭᠤᠯᠤᠯᠲᠠ ᠵᠢᠴᠢ ᠬᠢᠯᠢ ᠶᠢᠨ ᠬᠠᠮᠠᠭᠠᠯᠠᠯᠲᠠ ᠶᠢᠨ | ᠰᠠᠭᠤᠷᠢ ᠲᠦᠭᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠤᠭᠰᠠᠨ | ᠪᠠᠶᠢᠳᠠᠯ ᠢ ᠣᠶᠢᠯᠠᠭᠠᠪᠠ᠃ | ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ ᠸᠠᠩ ᠬᠠᠢ ᠢᠦᠢ᠂ ᠬᠤᠰᠢᠭᠤᠨ ᠤ ᠨᠠᠮ ᠤᠨ ᠬᠤᠷᠢᠶᠠᠨ | ᠤ ᠳᠡᠳ᠋ ᠱᠦᠵᠢ᠂ ᠬᠤᠰᠢᠭᠤ ᠳᠠᠷᠤᠭ᠎ᠠ ᠪᠦᠬᠡ᠂ ᠠᠶᠢᠮᠠᠭ᠂ ᠬᠤᠰᠢᠭᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ | ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃ | |