ᠬᠥᠷᠥᠰᠥ ᠰᠢᠷᠣᠢ ᠶᠢᠨ ᠴᠢᠭᠢᠭ ᠤᠨ ᠪᠠᠶᠢᠳᠠᠯ ᠢ ᠰᠠᠶᠢᠵᠢᠷᠠᠭᠤᠯᠤᠨ᠂ ᠥᠨᠳᠥᠷ ᠳᠤᠯᠠᠭᠠᠨ ᠭᠠᠩ ᠬᠠᠭᠤᠷᠠᠢ ᠴᠠᠭ | ᠠᠭᠤᠷ ᠢ ᠨᠠᠮᠳᠠᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ᠂ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ | ᠵᠠᠰᠠᠭ ᠤᠨ ᠣᠷᠳᠣᠨ ᠬᠤᠰᠢᠭᠤᠨ ᠤ ᠴᠠᠭ ᠠᠭᠤᠷ ᠤᠨ ᠲᠣᠪᠴᠢᠶ᠎ᠠ ᠲᠠᠢ ᠨᠢᠭᠲᠠ ᠬᠠᠷᠢᠯᠴᠠᠵᠤ᠂ | ᠬᠠᠮᠲᠤᠷᠠᠯᠴᠠᠭ᠎ᠠ ᠪᠠᠨ ᠴᠢᠩᠭᠠᠳᠬᠠᠨ᠂ ᠪᠣᠷᠣᠭᠠᠨ ᠲᠠᠢ ᠴᠠᠭ ᠠᠭᠤᠷ ᠤᠨ ᠠᠰᠢᠭᠲᠠᠢ ᠲᠣᠬᠢᠶᠠᠯ ᠢ ᠠᠮᠵᠢᠵᠤ᠂ | ᠲᠡᠶᠢᠷᠦᠯᠲᠦ ᠰᠤᠮᠤ ᠬᠠᠷᠪᠤᠨ ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢ ᠵᠣᠬᠢᠶᠠᠨ ᠪᠠᠶᠢᠭᠤᠯᠵᠤ | ᠥᠷᠨᠢᠭᠦᠯᠪᠡ᠃ | ᠲᠤᠰ ᠤᠳᠠᠭᠠᠨ ᠤ ᠬᠥᠮᠥᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ | ᠣᠯᠵᠤ᠂ ᠬᠥᠮᠥᠨ ᠤ ᠬᠦᠴᠦ ᠪᠣᠯᠣᠨ ᠪᠠᠶᠢᠭᠠᠯᠢ ᠶᠢᠨ ᠬᠤᠷ᠎ᠠ ᠲᠤᠨᠤᠳᠠᠰᠤ ᠶᠢᠨ ᠬᠠᠮᠲᠤ ᠶᠢᠨ ᠦᠢᠯᠡᠳᠦᠯ ᠤᠨ | ᠳᠣᠣᠷ᠎ᠠ᠂ ᠬᠠᠷ᠎ᠠ ᠪᠦᠷᠭᠦᠳ ᠤᠨ ᠠᠭᠤᠯᠠ ᠪᠠᠯᠭᠠᠰᠣᠨ ᠳᠤ ᠨᠡᠶᠢᠳᠡᠮ ᠪᠠᠭ᠎ᠠ ᠪᠣᠷᠣᠭᠠᠨ ᠣᠷᠣᠵᠤ᠂ ᠬᠡᠰᠡᠭ ᠭᠠᠵᠠᠷ | ᠣᠷᠣᠨ ᠤ ᠬᠤᠷ᠎ᠠ ᠲᠤᠨᠤᠳᠠᠰᠤ ᠶᠢᠨ ᠬᠡᠮᠵᠢᠶ᠎ᠡ ᠨᠡᠯᠢᠶᠡᠳ ᠶᠡᠭᠡ ᠠᠴᠠ ᠪᠣᠯᠵᠤ ᠬᠤᠷᠠᠳᠠᠰᠤ ᠬᠤᠷᠠᠵᠤ᠂ ᠬᠠᠮᠤᠭ ᠶᠡᠭᠡ | ᠬᠤᠷ᠎ᠠ ᠲᠤᠨᠤᠳᠠᠰᠤ ᠶᠢᠨ ᠬᠡᠮᠵᠢᠶ᠎ᠡ 3.1 ᠮᠢᠯᠢᠮᠧᠲᠷ ᠲᠤ ᠬᠦᠷᠴᠦ᠂ ᠣᠶᠢᠷ᠎ᠠ ᠶᠢᠨ ᠬᠤᠭᠤᠴᠠᠭᠠᠨ ᠤ ᠭᠠᠩ | ᠬᠠᠭᠰᠠᠷᠠᠭᠠᠨ ᠤ ᠪᠠᠶᠢᠳᠠᠯ ᠢ ᠪᠦᠲᠦᠮᠵᠢᠲᠡᠢ ᠨᠠᠮᠳᠠᠭᠤᠯᠵᠤ᠂ ᠮᠠᠯ ᠠᠵᠤ ᠠᠬᠤᠢ ᠶᠢᠨ ᠦᠢᠯᠡᠳᠪᠦᠷᠢᠯᠡᠯ ᠳᠤ ᠪᠠᠲᠤᠯᠠᠭ᠎ᠠ | ᠬᠠᠩᠭᠠᠪᠠ᠃ | ᠲᠠᠷᠠᠭᠠᠴᠢ ᠶᠢᠨ ᠠᠯᠬᠤᠮ ᠳᠤ᠂ ᠬᠠᠷ᠎ᠠ ᠪᠦᠷᠭᠦᠳ ᠤᠨ ᠠᠭᠤᠯᠠ ᠪᠠᠯᠭᠠᠰᠤ ᠨᠢ ᠬᠤᠰᠢᠭᠤᠨ ᠤ ᠴᠠᠭ ᠠᠭᠤᠷ ᠤᠨ | ᠲᠣᠪᠴᠢᠶ᠎ᠠ ᠲᠠᠢ ᠨᠢᠭᠲᠠ ᠬᠠᠷᠢᠯᠴᠠᠵᠤ᠂ ᠬᠠᠮᠲᠤ ᠪᠠᠷ ᠵᠥᠪᠳᠡᠯᠴᠡᠵᠦ᠂ ᠴᠠᠭ ᠠᠭᠤᠷ ᠤᠨ ᠨᠥᠬᠦᠴᠡᠯ ᠢ ᠴᠠᠭ | ᠢᠮᠠᠭᠲᠠ ᠠᠵᠢᠭᠯᠠᠨ ᠰᠢᠨᠵᠢᠵᠦ᠂ ᠪᠣᠳᠠᠲᠠᠢ ᠪᠠᠶᠢᠳᠠᠯ ᠢᠶᠠᠨ ᠦᠨᠳᠦᠰᠦᠯᠡᠨ ᠬᠥᠮᠥᠨ ᠤ ᠬᠦᠴᠦ ᠪᠠᠷ ᠪᠣᠷᠣᠭᠠᠨ | ᠣᠷᠣᠭᠤᠯᠬᠤ ᠠᠵᠢᠯ ᠢ ᠬᠢᠵᠦ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ᠂ ᠣᠶ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ᠂ ᠠᠮᠢ ᠠᠬᠤᠢ ᠶᠢᠨ ᠣᠷᠴᠢᠨ ᠲᠣᠭᠤᠷᠢᠨ ᠤ ᠪᠦᠲᠦᠭᠡᠨ ᠪᠠᠶᠢᠭᠤᠯᠤᠯᠲᠠ ᠵᠡᠷᠭᠡ ᠳᠤ | ᠢᠳᠡᠪᠬᠢᠲᠡᠢ ᠪᠠᠷ ᠬᠤᠪᠢ ᠨᠡᠮᠡᠷᠢ ᠦᠵᠡᠭᠦᠯᠦᠨ᠎ᠡ᠃ | |