ᠥᠢᠷ᠎ᠠ ᠶᠢᠨ ᠡᠳᠦᠷ᠂ ᠳᠡᠳ᠋ ᠬᠤᠰᠢᠭᠤ ᠳᠠᠷᠤᠭ᠎ᠠ ᠮᠦᠷᠡᠨ ᠰᠤᠪᠨᠠᠭᠤᠷ ᠰᠤᠮᠤᠨ ᠳᠤ ᠭᠦᠨᠵᠡᠭᠡᠶᠢᠷᠡᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠤᠰᠤᠨ ᠤ ᠡᠬᠢ ᠪᠠᠶᠠᠯᠢᠭ ᠢ | ᠠᠰᠢᠭᠯᠠᠬᠤ᠂ ᠪᠡᠯᠴᠢᠭᠡᠷ ᠤᠨ ᠬᠡᠮᠵᠢᠶ᠎ᠡ ᠠᠴᠠ ᠬᠡᠳᠦᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠵᠡᠷᠭᠡ ᠠᠵᠢᠯ ᠢ | ᠥᠷᠨᠢᠭᠦᠯᠵᠦ ᠪᠠᠶᠢᠭ᠎ᠠ ᠪᠠᠶᠢᠳᠠᠯ ᠤᠨ ᠲᠤᠬᠠᠢ ᠪᠠᠶᠢᠴᠠᠭᠠᠨ ᠰᠤᠳᠤᠯᠤᠯᠲᠠ ᠬᠢᠵᠤ ᠵᠢᠭᠠᠨ ᠵᠢᠯᠤᠭᠤᠤᠳᠪᠠ ᠂ | ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠦᠨᠳᠦᠰᠦᠲᠡᠨ ᠤ | ᠬᠡᠷᠡᠭ ᠡᠷᠭᠢᠯᠡᠬᠦ ᠵᠥᠪᠯᠡᠯ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠠᠷ ᠪᠠᠷ᠎ᠠ ᠪᠣᠯᠵᠤ᠂ ᠰᠤᠪᠨᠠᠭᠤᠷ ᠰᠤᠮᠤᠨ ᠤ ᠨᠠᠮ ᠵᠠᠰᠠᠭ ᠤᠨ ᠪᠠᠭ ᠤᠨ ᠪᠦᠷᠢᠯᠳᠦᠭᠦᠨ | ᠭᠡᠰᠢᠭᠦᠨ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠰᠠᠭᠤᠳᠠᠯ ᠤᠨ ᠬᠤᠷᠠᠯ ᠳᠤ ᠤᠷᠤᠯᠴᠠᠪᠠ᠃ | ᠰᠠᠭᠤᠳᠠᠯ ᠤᠨ ᠬᠤᠷᠠᠯ ᠳᠡᠭᠡᠷ᠎ᠡ᠂ ᠮᠦᠷᠡᠨ ᠡᠩ ᠲᠡᠷᠢᠭᠦᠨ ᠳᠤ ᠰᠤᠪᠨᠠᠭᠤᠷ ᠰᠤᠮᠤᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ᠂ ᠠᠵᠤ ᠦᠢᠯᠡᠰ ᠢ ᠬᠥᠭᠵᠢᠭᠦᠯᠬᠦ᠂ ᠤᠰᠤᠨ ᠤ ᠡᠬᠢ ᠪᠠᠶᠠᠯᠢᠭ ᠢ ᠠᠰᠢᠭᠯᠠᠬᠤ᠂ | ᠪᠡᠯᠴᠢᠭᠡᠷ ᠤᠨ ᠬᠡᠮᠵᠢᠶ᠎ᠡ ᠠᠴᠠ ᠬᠡᠳᠦᠷᠡᠳᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠵᠡᠷᠭᠡ ᠠᠵᠢᠯ ᠢ ᠥᠷᠨᠢᠭᠦᠯᠵᠦ | ᠪᠠᠶᠢᠭ᠎ᠠ ᠪᠠᠶᠢᠳᠠᠯ᠂ ᠣᠷᠣᠰᠢᠵᠤ ᠪᠠᠶᠢᠭ᠎ᠠ ᠬᠦᠴᠢᠷᠳᠡᠯ ᠵᠢᠴᠢ ᠳᠠᠷᠠᠭᠠᠴᠢ ᠶᠢᠨ ᠠᠯᠬᠤᠮ ᠤᠨ ᠲᠥᠯᠥᠪᠯᠡᠭᠡ ᠶᠢ | ᠰᠤᠨᠤᠰᠴᠤ ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠠᠷ ᠠᠴᠠ ᠠᠵᠢᠯ ᠤᠨ ᠴᠢᠳᠠᠪᠬᠢ | ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠰᠤᠮᠤᠨ ᠤ ᠳᠤᠷᠠᠳᠤᠭᠰᠠᠨ ᠠᠰᠠᠭᠤᠳᠠᠯ ᠳᠤ ᠬᠠᠷᠢᠭᠤᠯᠲᠠ | ᠥᠭᠬᠦ ᠶᠢᠨ ᠬᠠᠮᠲᠤ ᠠᠵᠢᠯ ᠤᠨ ᠲᠤᠬᠠᠢ ᠰᠠᠨᠠᠯ ᠰᠠᠨᠠᠭᠤᠯᠤᠮᠵᠢ ᠦᠭᠪᠡ᠃ | ᠮᠦᠷᠡᠨ ᠠᠴᠠ ᠨᠢᠭᠡ ᠳᠤ ᠂ ᠰᠤᠪᠨᠠᠭᠤᠷ ᠰᠤᠮᠤ ᠨᠢ ᠬᠤᠶᠢᠰᠢᠲᠠ ᠶᠢᠨ ᠠᠵᠢᠯ ᠤᠨ ᠲᠤᠮᠳᠠ ᠪᠠᠨ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠤᠰᠤᠨ ᠤ ᠡᠬᠢ | ᠪᠠᠶᠠᠯᠢᠭ ᠢ ᠵᠦᠢ ᠵᠣᠬᠢᠰᠲᠠᠢ ᠬᠤᠪᠢᠶᠠᠷᠢᠯᠠᠵᠤ᠂ ᠬᠠᠷᠢᠶᠠᠲᠤ ᠣᠷᠣᠨ ᠤ ᠪᠠᠨ ᠤᠰᠤ ᠬᠤᠪᠢᠶᠠᠷᠢᠯᠠᠬᠤ ᠲᠥᠰᠥᠯ ᠢ | ᠨᠠᠷᠢᠯᠢᠭᠵᠢᠭᠤᠯᠤᠨ᠂ ᠤᠰᠤ ᠠᠷᠪᠢᠯᠠᠬᠤ ᠲᠠᠷᠢᠶᠠᠯᠠᠩ ᠤᠨ ᠬᠥᠭᠵᠢᠯᠲᠡ ᠶᠢᠨ ᠵᠠᠭᠪᠤᠷ ᠢ ᠢᠳᠡᠪᠬᠢᠲᠡᠢ ᠪᠠᠷ ᠬᠠᠶᠢᠨ | ᠰᠦᠪᠡᠭᠴᠢᠯᠡᠵᠦ᠂ ᠤᠰᠤᠨ ᠤ ᠡᠬᠢ ᠪᠠᠶᠠᠯᠢᠭ ᠢ ᠡᠷᠴᠢᠮᠵᠢᠭᠦᠯᠦᠨ ᠠᠰᠢᠭᠯᠠᠬᠤ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠬᠡᠷᠡᠭᠲᠡᠢ᠃ ᠬᠤᠶᠠᠷ ᠲᠤ ᠂ ᠪᠡᠯᠴᠢᠭᠡᠷ ᠤᠨ ᠬᠡᠮᠵᠢᠶ᠎ᠡ ᠠᠴᠠ ᠬᠡᠳᠦᠷᠡᠳᠡᠯ᠎ᠡ ᠮᠠᠯᠵᠢᠬᠤ ᠠᠰᠠᠭᠤᠳᠠᠯ ᠢ | ᠪᠦᠲᠦᠮᠵᠢᠲᠡᠢ ᠰᠢᠢᠳᠪᠦᠷᠢᠯᠡᠵᠦ᠂ ᠮᠠᠯ ᠰᠦᠷᠦᠭ ᠡᠪᠡᠰᠦ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠪᠠ ᠮᠠᠯᠵᠢᠬᠤ ᠶᠢ | ᠵᠤᠭᠰᠤᠭᠠᠬᠤ ᠰᠠᠯᠭᠦᠨ ᠮᠠᠯᠵᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠡᠯᠴᠢᠭᠡᠷ ᠤᠨ ᠬᠡᠮᠵᠢᠶ᠎ᠡ ᠠᠴᠠ | ᠬᠡᠳᠦᠷᠡᠳᠡᠯ᠎ᠡ ᠮᠠᠯᠵᠢᠬᠤ ᠶᠢ ᠤᠷᠢᠳᠴᠢᠯᠠᠨ ᠰᠡᠷᠡᠮᠵᠢᠯᠡᠭᠦᠯᠦᠨ ᠪᠠᠶᠢᠴᠠᠭᠠᠬᠤ ᠵᠡᠷᠭᠡ ᠲᠠᠯ᠎ᠠ ᠪᠠᠷ ᠦᠷᠭᠦᠯᠵᠢᠯᠡᠨ | ᠬᠦᠴᠦᠯᠡᠵᠦ᠂ ᠨᠤᠲᠤᠭ ᠪᠡᠯᠴᠢᠭᠡᠷ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ | ᠠᠯᠬᠤᠴᠠ ᠶᠢ ᠲᠦᠷᠭᠡᠳᠬᠡᠬᠦ ᠬᠡᠷᠡᠭᠲᠡᠢ᠃ ᠭᠤᠷᠪᠠ ᠳᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠵᠤ ᠪᠦᠲᠦᠭᠡᠨ ᠪᠠᠶᠢᠭᠤᠯᠤᠨ ᠠᠰᠢᠭᠯᠠᠯᠲᠠ ᠳᠤ | ᠣᠷᠣᠭᠤᠯᠬᠤ ᠪᠠᠷ ᠴᠢᠷᠮᠠᠶᠢᠨ᠂ ᠦᠷ᠎ᠡ ᠠᠰᠢᠭ ᠢ ᠨᠢ ᠡᠷᠲᠡᠬᠡᠨ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠦᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠬᠡᠷᠡᠭᠲᠡᠢ᠃ ᠳᠦᠷᠪᠡ ᠳᠤ ᠣᠶ ᠰᠢᠭᠤᠢ ᠨᠤᠲᠤᠭ ᠪᠡᠯᠴᠢᠭᠡᠷ ᠤᠨ | ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠳᠣᠬᠠᠨ ᠤ ᠣᠶ | ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠤᠨ ᠬᠦᠨᠳᠦ ᠨᠣᠴᠢᠲᠠᠢ ᠨᠠᠷᠢᠨ | ᠪᠤᠳᠤᠯᠢᠶᠠᠨᠲᠠᠢ ᠪᠠᠶᠢᠳᠠᠯ ᠢ ᠭᠦᠢᠴᠡᠳ ᠲᠠᠨᠢᠵᠤ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ | ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠪᠠ ᠣᠶ ᠰᠢᠭᠤᠢ | ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ | ᠴᠢᠬᠤᠯᠠᠴᠢᠯᠠᠭᠰᠠᠨ ᠪᠠᠶᠢᠨ᠎ᠠ᠃ | |